ᠤᠷᠠᠳ ᠤᠨ ᠡᠮᠦᠨᠡᠲᠦ ᠬᠤᠰᠢᠭᠤᠨ ᠤ 2021 ᠣᠨ ᠤ ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠷᠢᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠠᠬᠢ ᠵᠠᠰᠠᠮᠠᠯ ᠵᠠᠮ ᠢ ᠪᠢᠲᠡᠭᠦᠮᠵᠢᠯᠡᠬᠦ ᠲᠣᠬᠠᠢ ᠵᠠᠷᠯᠠᠯ
ᠨᠡᠶᠢᠲᠡᠯᠡᠭᠰᠡᠨ ᠴᠠᠭ᠄
2021/9/2
    ᠤᠷᠠᠳ ᠤᠨ ᠡᠮᠦᠨᠡᠲᠦ ᠬᠤᠰᠢᠭᠤᠨ ᠤ 2021 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠢᠨᠵᠧᠨᠧᠷᠢᠩ ᠤᠨ ᠤᠷᠤᠭᠰᠢᠲᠠᠶ ᠠᠮᠤᠷ ᠲᠦᠪᠰᠢᠨ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ 》 ᠤᠨ 29 ᠳ᠋ᠦ᠋ᠭᠡᠷ ᠵᠦᠶᠯ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ 》 ᠤᠨ 35 ᠳ᠋ᠤᠭᠠᠷ ᠵᠦᠶᠯ᠂ 《 ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠲᠦᠷᠢᠮ 》  ᠤᠨ 51 ᠳ᠋ᠦ᠋ᠭᠡᠷ ᠵᠦᠶᠯ ᠤᠨ ᠲᠣᠭᠲᠠᠭᠠᠯ ᠢ ᠦᠨᠳᠦᠰᠦᠯᠡᠨ᠂ ᠪᠠᠷᠢᠯᠭ᠎ᠠ ᠶᠢᠨ ᠬᠤᠭᠤᠴᠠᠭᠠᠨ ᠳᠤ ᠵᠠᠮ ᠢ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠦᠨ᠎ᠡ᠂ ᠣᠲᠣ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠪᠢᠲᠡᠭᠦᠮᠵᠢᠯᠡᠬᠦ ᠬᠡᠪᠴᠢᠶ᠎ᠡ᠄ 1 . ᠰᠢᠶᠠᠩ ᠤᠨ ᠵᠠᠮ 303  ᠰᠢᠷᠠᠯᠵᠢ ᠠᠴᠠ ᠰᠢ ᠰᠢᠶᠤᠤ ᠵᠣᠣ ( ᠰᠢᠷᠠᠯᠵᠢ ᠠᠴᠠ110 ᠤᠯᠤᠰ ᠤᠨ ᠵᠠᠮ  ᠬᠡᠰᠡᠭ )2 . ᠰᠢᠶᠠᠩ ᠤᠨ ᠵᠠᠮ 203 ᠱᠦᠶ ᠲᠦᠩ ᠠᠴᠠ ᠰᠢ ᠱᠠᠨ ᠽᠦᠶ ᠬᠥᠷᠬᠦ (  ᠬᠦᠷᠳᠦᠮ ᠤᠨ ᠰᠦᠮ᠎ᠡ ᠠᠴᠠ ᠬᠤᠨᠲᠤ ᠶᠢᠨ ᠪᠤᠯᠤᠩ ᠬᠦᠷᠬᠦ)3 .ᠲᠤᠰᠬᠤᠨ ᠤ ᠵᠠᠮ 616 ᠴᠠᠩ ᠱᠧᠩ ᠰᠢ ᠠᠴᠠ ᠦᠶᠤᠸᠠᠨ ᠬᠦᠷᠬᠦ ( ᠴᠠᠩ ᠱᠧᠩ ᠲᠣᠰᠣᠨ ᠤ ᠦᠢᠯᠡᠳᠪᠦᠷᠢ ᠠᠴᠠ ᠦᠶᠤᠸᠠᠨ ᠤ ᠵᠠᠭᠠᠭ ᠬᠦᠷᠬᠦ )4 . ᠲᠠᠪᠤᠨ ᠰᠠᠯᠠᠭ᠎ᠠ ᠲᠣᠰᠬᠤᠨ ᠠᠴᠠ ᠦᠶᠡᠷ ᠢ ᠰᠡᠷᠭᠡᠶᠢᠯᠡᠬᠦ  ᠳᠠᠯᠠᠩ ᠬᠦᠷᠬᠦ5 . ᠲᠣᠰᠬᠤᠨ ᠤ ᠵᠠᠮ 618 ᠬᠤᠩ ᠮᠢᠩ ᠠᠴᠠ ᠮᠠ ᠪᠦᠸᠧ ᠽᠢ ᠬᠦᠷᠬᠦᠬᠤᠶᠠᠷ᠂  ᠪᠢᠲᠡᠭᠦᠮᠵᠢᠯᠡᠬᠦ ᠪᠠᠷᠢᠯᠭ᠎ᠠ ᠶᠢᠨ ᠬᠤᠭᠤᠴᠠᠭ᠎ᠠ᠄ 2021 ᠣᠨ ᠤ 8 ᠰᠠᠷ᠎ᠠ ᠶᠢᠨ 30 ᠤ ᠡᠳᠦᠷ ᠠᠴᠠ 2021 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ ( ᠬᠡᠷᠪᠡ ᠲᠣᠰ ᠴᠠᠭ ᠬᠤᠭᠤᠴᠠᠭᠠᠨ ᠳᠤ ᠪᠠᠷᠢᠯᠭ᠎ᠠ ᠳᠠᠭᠤᠰᠤᠭᠠᠳᠤᠶ ᠪᠣᠯ ᠪᠢᠲᠡᠭᠦᠮᠵᠢᠯᠡᠨ ᠪᠠᠷᠢᠬᠤ ᠴᠠᠭ ᠢ ᠪᠠᠷᠢᠯᠭ᠎ᠠ ᠳᠠᠭᠤᠰᠬᠤ ᠡᠳᠦᠷ ᠪᠣᠯᠲᠠᠯ᠎ᠠ ᠬᠤᠶᠢᠰᠢᠯᠠᠭᠤᠯᠤᠨ᠎ᠠ )ᠭᠤᠷᠪᠠ᠂ ᠪᠢᠲᠡᠭᠦᠮᠵᠢᠯᠡᠨ ᠵᠠᠮ ᠵᠠᠰᠠᠵᠤ ᠪᠠᠶᠢᠭ᠎ᠠ ᠬᠤᠭᠤᠴᠠᠭᠠᠨ ᠳᠤ᠂ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠲᠣᠮᠣ ᠳᠤᠮᠳᠠ ᠬᠡᠯᠪᠡᠷᠢ ᠶᠢᠨ ᠲᠡᠷᠭᠡ ᠶᠢᠨ ᠶᠠᠪᠤᠬᠤ ᠵᠠᠮ ᠱᠤᠭᠤᠮ ᠨᠢ ᠳᠣᠤᠷᠠᠬᠢ ᠮᠡᠲᠦ᠄ 1 .ᠱᠤ᠋ ᠯᠢᠨ ᠽᠢ ᠠᠴᠠ ᠰᠢᠷᠠᠯᠵᠢ ᠵᠦᠭ ᠶᠠᠪᠤᠬᠤ ᠨᠢ 215 ᠮᠤᠵᠢ ᠶᠢᠨ ᠵᠠᠮ ᠪᠣᠯᠤᠨ ᠨᠠᠢᠮᠠᠳᠤᠭᠠᠷ  ᠤᠰᠤ ᠲᠠᠲᠠᠷᠠᠭᠤᠯᠬᠤ ᠰᠤᠪᠠᠭ ᠤᠨ ᠵᠠᠮ ᠢᠶᠠᠷ ᠲᠣᠭᠤᠷᠢᠨ᠎ᠠ2 .ᠬᠦᠷᠳᠦᠮ ᠤᠨ ᠰᠦᠮ᠎ᠡ ᠠᠴᠠ ᠬᠤᠨᠲᠤ ᠶᠢᠨ ᠪᠤᠯᠤᠩ ᠵᠦᠭ ᠶᠠᠪᠤᠬᠤ ᠨᠢ 315 ᠮᠤᠵᠢ ᠶᠢᠨ ᠵᠠᠮ ᠢᠶᠠᠷ ᠲᠣᠭᠤᠷᠢᠵᠤ ᠶᠠᠪᠤᠨ᠎ᠠ ︵ᠬᠠᠲᠤᠨ ᠭᠤᠣᠯ ᠳᠠᠭᠠᠤ ᠱᠤᠭᠤᠮ︶3 . ᠴᠠᠩ ᠱᠧᠩ ᠲᠣᠰᠣᠨ ᠤ ᠦᠶᠯᠡᠳᠪᠦᠷᠢ  ᠠᠴᠠ ᠦᠶᠤᠸᠠᠨ ᠤ ᠵᠠᠭᠠᠭ ᠵᠦᠭ ᠶᠠᠪᠤᠬᠤ ᠨᠢ110 ᠤᠯᠤᠰ ᠤᠨ ᠵᠠᠮ ᠢᠶᠠᠷ ᠲᠣᠭᠤᠷᠢᠨ᠎ᠠ4 . ᠨᠠᠰᠢ ᠴᠠᠰᠢ ᠥᠩᠭᠡᠷᠡᠬᠦ ᠲᠡᠷᠭᠡ ᠤᠨᠤᠭ᠎ᠠ ᠪᠠ ᠶᠠᠪᠠᠭᠠᠨ ᠬᠥᠮᠦᠨ ᠵᠢᠯᠣᠭᠤᠳᠤᠮᠵᠢ ᠵᠢᠷᠤᠭ ᠢᠶᠠᠷ ᠬᠤᠷᠳᠤᠴᠠ ᠪᠠᠨ ᠬᠠᠰᠤᠵᠤ ᠠᠯᠭᠤᠷ ᠶᠠᠪᠤᠭᠠᠷᠠᠶ᠂ ᠠᠮᠤᠷ ᠲᠦᠪᠰᠢᠨ ᠢ ᠠᠩᠬᠠᠷᠴᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠵᠠᠮ ᠬᠠᠷᠢᠯᠴᠠᠭᠠᠨ ᠤ ᠲᠡᠮᠳᠡᠭ ᠤᠨ ᠵᠢᠭᠠᠯᠲᠠ ᠶᠢᠨ ᠮᠡᠳᠡᠭᠡ ᠵᠠᠩᠭᠢ ᠪᠠᠷ ᠶᠠᠪᠤᠬᠤ ᠶᠢᠨ ᠬᠠᠮᠲᠤ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠠᠵᠢᠯᠲᠠᠨ ᠤ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠃ᠳᠥᠷᠪᠡ᠂ ᠳᠡᠭᠡᠷ᠎ᠡ ᠳᠤᠷᠠᠳᠤᠭᠰᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠴᠠ ᠭᠠᠳᠠᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ  ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠲᠦᠷ ᠴᠠᠭ ᠤᠨ ᠵᠠᠮ ᠬᠠᠷᠢᠯᠴᠠᠭᠠᠨ ᠤ ᠲᠡᠮᠳᠡᠭ ᠪᠠᠶᠢᠷᠢᠯᠠᠭᠤᠯᠬᠤ ᠬᠡᠷᠡᠭᠲᠡᠶ᠃ ᠨᠠᠭᠠᠰᠢ ᠴᠠᠭᠠᠰᠢ ᠶᠠᠪᠤᠬᠤ ᠲᠡᠷᠭᠡ ᠪᠠ ᠵᠠᠮ ᠳᠠᠭᠠᠤ ᠶᠢᠨ ᠰᠠᠭᠤᠭᠠᠯᠢ ᠠᠷᠠᠳ ᠶᠠᠪᠤᠵᠤ ᠰᠠᠭᠤᠬᠤ ᠵᠠᠮ ᠱᠤᠭᠤᠮ ᠪᠠ ᠴᠠᠭ ᠢᠶᠠᠨ ᠵᠣᠬᠢᠰᠲᠠᠶ ᠲᠣᠬᠢᠷᠠᠭᠤᠯᠬᠤ ᠪᠣᠯᠪᠠᠴᠤ᠂ ᠪᠠᠷᠢᠯᠭ᠎ᠠ ᠶᠢᠨ ᠬᠤᠭᠤᠴᠠᠭᠠᠨ ᠳᠤ ᠲᠠᠨᠠᠷ ᠲᠤ ᠳᠥᠭᠦᠮ ᠦᠭᠡᠢ ᠪᠣᠯᠭᠠᠭᠰᠠᠨ ᠳᠤ ᠣᠰᠤᠯ ᠬᠦᠯᠢᠶᠡᠵᠦ ᠪᠠᠶᠢᠨ᠎ᠠ᠂ ᠣᠶᠢᠯᠭᠠᠨ ᠳᠡᠮᠵᠢᠬᠦ ᠶᠢᠨ ᠬᠠᠮᠲᠤ ᠠᠮᠤᠷ ᠲᠦᠪᠰᠢᠨ ᠢ ᠠᠩᠬᠠᠷᠤᠭᠠᠷᠠᠢ᠃      ᠡᠭᠦᠨ ᠤ ᠲᠤᠯᠠ  ᠳᠤ ᠣᠨᠴᠠᠭᠠᠶᠢᠯᠠᠨ ᠵᠠᠷᠯᠠᠪᠠ                                 ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                    2021 ᠣᠨ ᠤ 8 ᠰᠠᠷ᠎ᠠ ᠶᠢᠨ 27 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ