ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 16 ᠤ ᠡᠳᠦᠷ ᠸᠢᠳᠢᠣ᠋ ᠶᠢᠨ ᠬᠡᠯᠪᠡᠷᠢ ᠪᠠᠷ 2021 | ᠣᠨ ᠤ ︽ᠳᠤᠮᠳᠠᠳᠤ ᠭᠷᠧᠭ ᠤᠨ ᠰᠣᠶᠣᠯ ᠵᠤᠭᠠᠴᠠᠯ ᠤᠨ ᠣᠨ︾ ᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠦᠭᠡ ᠬᠡᠯᠡᠪᠡ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠥᠨᠢ ᠤᠳᠠᠭᠠᠨ ᠲᠡᠦᠬᠡ ᠨᠢ ᠳᠤᠮᠳᠠᠳᠤ ᠭᠷᠧᠭ ᠬᠤᠶᠠᠷ ᠤᠯᠤᠰ ᠲᠤ ᠤᠳᠤᠨ ᠮᠡᠴᠢᠳ ᠮᠡᠲᠦ ᠰᠣᠶᠣᠯ ᠤᠨ | ᠬᠤᠷᠠᠮᠳᠤᠭᠤᠯᠤᠯ ᠢ ᠣᠯᠭᠤᠭᠰᠠᠨ ᠪᠥᠭᠡᠳ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ᠂ ᠠᠷᠠᠳ ᠲᠦᠮᠡᠨ ᠤ ᠨᠥᠬᠦᠷᠯᠡᠯ ᠢ | ᠵᠤᠵᠠᠭᠠᠳᠬᠠᠬᠤ ᠳᠤ ᠦᠩ ᠰᠢᠮᠡᠯᠢᠭ ᠬᠥᠷᠥᠰᠥ ᠰᠢᠷᠣᠢ ᠬᠠᠩᠭᠠᠵᠠᠢ᠃ ᠬᠤᠶᠠᠷ ᠤᠯᠤᠰ ᠤᠨ ᠠᠷᠠᠳ ᠲᠦᠮᠡᠨ ᠬᠠᠷᠢᠯᠴᠠᠨ ᠣᠶᠢᠯᠠᠭᠠᠯᠴᠠᠵᠤ ᠬᠠᠷᠢᠯᠴᠠᠨ | ᠳᠣᠲᠣᠨᠣᠴᠢᠯᠠᠬᠤ ᠪᠣᠯ ᠬᠤᠶᠠᠷ ᠲᠠᠯ᠎ᠠ ᠶᠢᠨ ᠬᠢᠨ ᠤ ᠡᠯ᠎ᠡ ᠬᠦᠷᠢᠶᠡᠨ ᠳᠠᠬᠢ ᠡᠶ᠎ᠡ ᠨᠥᠬᠦᠷᠰᠡᠭ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠣᠨᠲᠣᠷᠠᠰᠢ ᠦᠭᠡᠢ | ᠬᠥᠳᠡᠯᠭᠡᠬᠦ ᠬᠦᠴᠦᠨ ᠮᠥᠨ᠃ 2019 ᠣᠨ ᠳᠤ᠂ ᠲᠡᠷᠢᠭᠦᠯᠡᠭᠴᠢ ᠰᠢ ᠶᠢᠨ ᠫᠢᠩ ᠭᠷᠧᠭ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠵᠦ᠂ ᠬᠤᠶᠠᠷ ᠤᠯᠤᠰ ᠤᠨ ᠬᠠᠷᠢᠴᠠᠭ᠎ᠠ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠳᠤᠮᠳᠠᠳᠤ ᠭᠷᠧᠭ ᠤᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ | ᠪᠦᠲᠦᠮᠵᠢ ᠣᠯᠣᠭᠰᠠᠨ ᠨᠢ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠵᠡᠢ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠬᠦᠴᠢᠷ ᠪᠡᠷᠬᠡᠲᠡᠢ | ᠴᠠᠭ ᠮᠥᠴᠡ ᠶᠢ ᠬᠠᠮᠲᠤ ᠪᠠᠷ ᠲᠤᠭᠤᠯᠵᠥ᠂ ᠳᠤᠮᠳᠠᠳᠤ ᠭᠷᠧᠭ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠪᠣᠯᠤᠨ᠎ᠠ | ᠂ ᠳᠤᠮᠳᠠᠳᠤ ᠭᠷᠧᠭ ᠤᠨ ᠰᠣᠶᠣᠯ ᠵᠤᠭᠠᠴᠠᠯ ᠤᠨ ᠣᠨ ᠢ ᠡᠨᠡ ᠬᠦ ᠴᠢᠬᠤᠯᠠ ᠴᠠᠭ ᠮᠥᠴᠡ ᠳᠤ ᠡᠷᠬᠢᠯᠡᠭᠰᠡᠨ ᠨᠢ ᠲᠡᠭᠦᠨ ᠤ ᠣᠨᠴᠠᠭᠠᠢ ᠠᠴᠢ ᠬᠤᠯᠪᠣᠭᠳᠠᠯ ᠢ ᠨᠡᠩ | ᠢᠯᠡᠭᠦᠦ ᠬᠠᠷᠠᠭᠤᠯᠵᠤ ᠪᠠᠶᠢᠨ᠎ᠠ᠃ ᠪᠣᠯᠪᠠᠰᠤᠨ ᠢᠶᠠᠨ ᠬᠠᠷᠢᠯᠴᠠᠨ ᠲᠣᠯᠢᠯᠠᠪᠠᠯ ᠨᠡᠩ ᠢᠯᠡᠭᠦᠦ ᠪᠠᠶᠠᠯᠢᠭᠵᠢᠨ ᠬᠥᠭᠵᠢᠵᠦ᠂ ᠠᠷᠠᠳ ᠤᠨ ᠰᠡᠳᠬᠢᠯ ᠨᠢ ᠰᠣᠯᠢᠯᠴᠠᠭ᠎ᠠ ᠪᠠᠷ | ᠳᠠᠮᠵᠢᠨ ᠤᠯᠠᠮ ᠠᠴᠠ ᠣᠶᠢᠯᠠᠭᠠᠯᠴᠠᠨ ᠨᠡᠪᠲᠡᠷᠡᠯᠴᠡᠳᠡᠭ᠃ ᠡᠨᠡ ᠤᠳᠠᠭ᠎ᠠ ᠶᠢᠨ ᠠᠵᠢᠯᠯᠠᠭ᠎ᠠ ᠨᠢ ᠳᠤᠮᠳᠠᠳᠤ ᠭᠷᠧᠭ ᠤᠨ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ | ᠤᠯᠠᠮᠵᠢᠯᠠᠯᠲᠤ ᠨᠥᠬᠦᠷᠯᠡᠯ ᠢᠶᠠᠨ ᠭᠦᠨᠵᠡᠭᠡᠶᠢᠷᠡᠭᠦᠯᠬᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠰᠢᠨ᠎ᠡ ᠬᠢᠯᠠᠰ ᠴᠡᠭ ᠪᠣᠯᠬᠤ ᠶᠢ ᠢᠲᠡᠭᠡᠵᠦ | ᠪᠠᠶᠢᠨ᠎ᠠ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠣᠳᠣᠬᠠᠨ ᠤ ᠣᠯᠠᠨ ᠤᠯᠤᠰ ᠤᠨ ᠪᠠᠶᠢᠳᠠᠯ ᠨᠠᠷᠢᠨ ᠪᠤᠳᠤᠯᠢᠶᠠᠨᠲᠠᠢ ᠮᠥᠷᠲᠡᠭᠡᠨ ᠭᠦᠨᠵᠡᠭᠡᠢ ᠬᠤᠪᠢᠰᠤᠯᠲᠠ ᠶᠢ | ᠥᠩᠭᠡᠷᠡᠭᠡᠵᠦ᠂ ᠡᠯ᠎ᠡ ᠲᠦᠷᠦᠯ ᠤᠨ ᠥᠷᠢᠰᠥᠯᠳᠦᠭᠡᠨ ᠢ ᠠᠷᠭᠠᠴᠠᠭᠠᠬᠤ ᠴᠢᠬᠤᠯᠠᠲᠠᠢ ᠮᠥᠷᠲᠡᠭᠡᠨ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ | ᠴᠢᠬᠤᠯᠠᠲᠠᠢ᠃ ᠪᠣᠯᠪᠠᠰᠤᠨ ᠤ ᠰᠣᠯᠢᠯᠴᠠᠭ᠎ᠠ ᠲᠣᠯᠢᠯᠠᠭᠤᠯᠤᠯᠲᠠ ᠶᠢ ᠠᠬᠢᠭᠤᠯᠬᠤ ᠪᠣᠯ ᠪᠢᠳᠡᠨ ᠤ ᠤᠶᠤᠨ ᠤᠬᠠᠭᠠᠨ ᠪᠠ ᠬᠦᠴᠦᠨ ᠴᠢᠳᠠᠯ ᠤᠯᠬᠤ ᠶᠢᠨ ᠦᠨᠳᠦᠰᠦᠨ | ᠠᠷᠭ᠎ᠠ ᠵᠠᠮ ᠪᠣᠯᠤᠨ᠎ᠠ᠃ ᠳᠤᠮᠳᠠᠳᠤ ᠤᠯᠤᠰ ᠪᠣᠯᠤᠨ ᠭᠷᠧᠭ ᠤᠨ ᠬᠢᠨ ᠬᠥᠮᠦᠨ ᠲᠥᠷᠥᠯᠬᠢᠲᠡᠨ ᠤ ᠲᠡᠦᠬᠡ ᠶᠢᠨ ᠬᠥᠭᠵᠢᠯᠲᠡ ᠪᠣᠯᠤᠨ ᠪᠣᠯᠪᠠᠰᠤᠨ ᠤ ᠲᠠᠪᠰᠢᠯᠳᠠ ᠶᠢ | ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠭᠠᠷ ᠭᠠᠷ ᠢᠶᠠᠨ ᠬᠤᠯᠪᠣᠯᠴᠠᠨ ᠴᠢᠷᠮᠠᠶᠢᠵᠤ᠂ ᠬᠤᠶᠠᠷ ᠤᠯᠤᠰ ᠤᠨ ᠥᠨᠢ ᠡᠷᠲᠡᠨ ᠤ ᠤᠶᠤᠨ ᠤᠬᠠᠭᠠᠨ ᠤ ᠣᠬᠢ | ᠰᠣᠳᠣ᠂ ᠠᠷᠠᠳ ᠤᠨ ᠰᠡᠳᠬᠢᠯ ᠤᠨ ᠲᠣᠲᠣᠨᠣᠰᠤᠭ ᠣᠶᠢᠯᠠᠭᠠᠯᠴᠠᠭ᠎ᠠ᠂ ᠪᠣᠯᠪᠠᠰᠤᠨ ᠤ ᠰᠣᠯᠢᠯᠴᠠᠭ᠎ᠠ ᠠᠭᠤᠰᠤᠯᠴᠠᠯ ᠤᠨ ᠦᠷ᠎ᠡ ᠪᠦᠲᠦᠭᠡᠯ ᠢ ᠨᠡᠩ ᠭᠡᠷᠡᠯ | ᠰᠠᠴᠤᠷᠠᠩᠭᠤᠢ ᠪᠣᠯᠭᠠᠬᠤ ᠬᠡᠷᠡᠭᠲᠡᠢ ᠭᠡᠵᠡᠢ᠃ | ᠭᠷᠧᠭ ᠤᠨ ᠶᠡᠷᠦᠩᠬᠡᠢ ᠰᠠᠶᠢᠳ ᠮᠢᠽᠣᠸ᠋ᠲ᠋ᠠᠺᠢᠰ ᠸᠢᠳᠢᠣ᠋ ᠪᠠᠷ ᠪᠠᠶᠠᠷ ᠤᠨ ᠦᠭᠡ ᠬᠡᠯᠡᠪᠡ᠃ | |