ᠮᠢᠩᠭᠠᠨ ᠪᠠᠯᠭᠠᠰᠣ ᠶᠢᠨ 2000 ᠮᠤ᠋ ᠲᠤᠯᠤᠭᠠᠨ᠎ᠠ ᠶᠢᠨ ᠮᠤᠳᠤᠨ ᠤ ᠪᠠᠭᠴᠠ ᠪᠠᠭᠴᠠ ᠤᠯᠠᠭᠠᠨ ᠵᠢᠮᠢᠰ ᠬᠦᠮᠦᠰ ᠤᠨ ᠪᠠᠭ᠋ᠠᠷᠬᠠᠯ ᠢ ᠲᠠᠳᠠᠨ᠎ᠠ
ᠨᠡᠶᠢᠲᠡᠯᠡᠭᠰᠡᠨ ᠴᠠᠭ᠄
2021/9/23
    ᠮᠢᠩᠭᠠᠨ ᠪᠠᠯᠭᠠᠰᠤ ᠠᠭᠤᠯᠠᠷᠬᠠᠭ ᠭᠠᠩᠳᠠᠮᠠᠯ ᠤᠷᠤᠨ ᠳᠤ ᠪᠠᠶᠢᠷᠢᠰᠢᠵᠤ  ᠪᠠᠶᠢᠬᠤ ᠪᠦᠬᠡᠳ‌ᠠᠵᠤ ᠦᠢᠯᠡᠰ ᠤᠨ ᠪᠦᠳᠦᠴᠡ ᠲᠠᠩ ᠴᠤᠯᠭᠤᠢ ᠠᠴᠠ ᠲᠠᠷᠢᠶᠠᠴᠢᠳ ᠤᠷᠤᠯᠭ᠎ᠠ ᠪᠠᠨ ᠨᠡᠮᠡᠭᠳᠡᠬᠦᠯᠯᠬᠦ ᠳᠤ ᠬᠦᠴᠢᠷᠳᠠᠢ ᠪᠠᠶᠢᠵᠠᠢ᠃ 2071 ᠣᠨ ᠠᠴᠠ ᠨᠠᠭᠠᠰᠢ᠂ ᠲᠤᠰ ᠪᠠᠯᠭᠠᠰᠤ ᠠᠵᠤ ᠦᠢᠯᠡᠰ ᠢᠶᠠᠷ ᠪᠠᠯᠭᠠᠰᠣ ᠪᠠᠨ ᠬᠦᠴᠦᠷᠭᠡᠭᠵᠢᠬᠦᠯᠬᠦ ᠪᠠᠷ ᠬᠦᠳᠡᠭᠡ ᠲᠤᠰᠬᠤᠨ ᠢ ᠬᠦᠭᠵᠢᠬᠦᠯᠬᠦ ᠭᠤᠤᠯ ᠭᠠᠷᠳᠠᠴᠠ ᠪᠤᠯᠭᠠᠨ᠂ ᠭᠠᠵᠠᠷ ᠤᠷᠤᠨ ᠳᠤ ᠲᠤᠬᠢᠷᠠᠭᠤᠯᠤᠨ᠂ ᠰᠤᠯᠠ ᠬᠠᠶᠠᠭᠳᠠᠵᠤ ᠪᠠᠶᠢᠭᠰᠠᠨ ᠲᠠᠷᠢᠶᠠᠴᠢᠳ ᠤᠨ ᠬᠠᠭᠤᠷᠠᠢ ᠭᠠᠵᠠᠷ ᠲᠤ ᠠᠭᠤᠯᠠᠨ ᠲᠤᠯᠤᠭᠠᠨ᠎ᠠ ᠪᠠᠷ ᠭᠤᠤᠯ ᠪᠤᠯᠭᠠᠭᠰᠠᠨ ᠠᠵᠤ ᠠᠬᠤᠢ ᠶᠢᠨ ᠮᠤᠳᠤ ᠲᠠᠷᠢᠵᠤ ᠡᠬᠢᠯᠡᠵᠡᠢ᠃ ᠬᠡᠳᠦᠨ ᠵᠢᠯ ᠤᠨ ᠴᠢᠷᠮᠠᠶᠢᠯᠭ᠎ᠠ ᠪᠠᠷ ᠨᠢᠬᠡᠨᠳᠡ 2000 ᠮᠤ᠋ ᠪᠤᠯᠤᠨ ᠬᠡᠪᠴᠢᠶᠡᠵᠢᠵᠡᠢ᠃ ᠤᠳᠤ ᠪᠤᠯᠬᠤ ᠳᠤ ᠮᠢᠩᠭᠠᠨ ᠪᠠᠯᠭᠠᠰᠤᠨ ᠤ ᠲᠤᠯᠤᠭᠠᠨ᠎ᠠ ᠨᠢ ᠨᠢᠬᠡᠨᠳᠡ ᠣᠯᠣᠰ ᠤᠨ ᠭᠠᠵᠠᠷ ᠵᠦᠢ ᠶᠢᠨ ᠲᠡᠮᠳᠡᠭ ᠪᠠ ᠤᠷᠭᠠᠨᠢᠭ ᠠᠭᠤᠯᠠᠨ ᠲᠤᠯᠤᠭᠠᠨ᠎ᠠ ᠶᠢᠨ ᠬᠡᠷᠡᠴᠢᠯᠡᠯᠳᠡ ᠲᠠᠢ ᠪᠤᠯᠵᠠᠢ᠃ ᠲᠠᠷᠠᠭᠠᠴᠢ ᠪᠠᠷ ᠲᠤᠯᠤᠭᠠᠨ᠎ᠠ   ᠶᠢᠨ ᠦᠢᠯᠡᠰ ᠪᠠᠷ  ᠬᠦᠳᠡᠭᠡ ᠲᠤᠰᠬᠤᠨ ᠢ ᠬᠦᠭᠵᠢᠬᠦᠯᠬᠦ ᠭᠤᠤ᠋ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠠᠬᠢᠭᠤᠯᠵᠤ᠂ ᠦᠷ᠎ᠡ ᠠᠰᠢᠭ ᠢᠶᠠᠷ ᠤᠳᠤᠷᠢᠳᠤᠮᠵᠢ ᠪᠤᠯᠭᠠᠨ ᠲᠤᠯᠤᠭᠠᠨ᠎ᠠ ᠶᠢ ᠬᠡᠷᠴᠢᠮ ᠪᠤᠯᠭᠠᠨ ᠬᠠᠳᠠᠭᠠᠭᠰᠠᠨ ᠰᠠᠭᠤᠷᠢᠨ ᠲᠡᠭᠡᠷ᠎ᠡ ᠲᠤᠯᠤᠭᠠᠨ᠎ᠠ ᠶᠢᠨ ᠤᠮᠳᠠᠭᠠᠨ ᠭᠤᠸᠠᠨᠲᠸᠤ ᠵᠡᠷᠭᠡ ᠶᠢ ᠦᠢᠯᠡᠳᠪᠦᠷᠢᠯᠡᠵᠦ᠂ ᠦᠢᠯᠡᠳᠬᠦᠨ ᠤ ᠨᠡᠮᠡᠭᠦᠷᠢ ᠦᠷᠳᠡᠭ ᠶᠢ ᠨᠡᠮᠡᠭᠳᠡᠬᠦᠯᠵᠦ᠂ ᠨᠡᠩ ᠤᠯᠠᠨ ᠲᠦᠮᠡᠨ ᠢ ᠲᠠᠶᠢᠴᠢᠯᠠᠨ ᠪᠠᠶᠠᠵᠢᠯ ᠤᠨ ᠵᠠᠮ ᠢᠶᠠᠷ  ᠵᠠᠮᠨᠠᠬᠤ ᠪᠠᠷ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ