ᠰᠢ ᠶᠢᠨ ᠫᠢᠩ ᠠᠯᠵᠧᠷᠢᠶ᠎ᠠ ᠶᠢᠨ ᠤᠤᠯ ᠤᠨ ᠶᠡᠷᠦᠩᠬᠡᠶᠢᠯᠡᠭᠴᠢ ᠪᠦᠲ᠋ᠧᠹᠯᠢᠺᠠ ᠶᠢᠨ ᠨᠠᠰᠤ ᠪᠠᠷᠠᠭᠰᠠᠨ ᠳᠤᠬᠠᠢ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2021/9/24
    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ 9 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠵᠧᠷᠢᠶ᠎ᠠ ᠶᠢᠨ ᠤᠤᠯ ᠤᠨ ᠶᠡᠷᠦᠩᠬᠡᠶᠢᠯᠡᠭᠴᠢ ᠪᠦᠲ᠋ᠧᠹᠯᠢᠺᠠ ᠶᠢᠨ ᠨᠠᠰᠤ ᠪᠠᠷᠠᠭᠰᠠᠨ ᠳᠤᠬᠠᠢ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ᠃     ᠰᠢ ᠶᠢᠨ ᠫᠢᠩ ᠭᠠᠰᠢᠭᠤᠳᠠᠯ ᠤᠨ ᠴᠠᠬᠢᠯᠭᠠᠨ ᠴᠢᠮᠡᠭᠡ ᠳᠡᠭᠡᠨ᠂ ᠪᠦᠲ᠋ᠧᠹᠯᠢᠺᠠ ᠠᠪᠤᠭᠠᠢ ᠪᠣᠯ ᠠᠯᠵᠧᠷᠢᠶ᠎ᠠ᠂ ᠠᠷᠠᠪ ᠤᠨ ᠶᠢᠷᠲᠢᠨᠴᠦ᠂ ᠠᠹᠷᠢᠺᠠ ᠲᠢᠪ ᠤᠨ ᠭᠠᠷᠮᠠᠭᠠᠢ ᠤᠯᠤᠰ ᠲᠦᠷᠦᠴᠢᠨ ᠪᠠ ᠦᠨᠳᠦᠰᠦᠲᠡᠨ ᠤ ᠴᠢᠯᠥᠭᠡᠯᠡᠯᠲᠡ ᠶᠢᠨ ᠬᠥᠳᠡᠯᠭᠡᠭᠡᠨ ᠤ ᠤᠳᠤᠷᠢᠳᠬᠤ ᠬᠥᠮᠦᠨ ᠪᠣᠯᠤᠨ᠎ᠠ᠂ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠲᠡᠷᠡ ᠶᠡᠷᠦᠩᠬᠡᠶᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠬᠰᠠᠨ ᠬᠤᠭᠤᠴᠠᠭᠠᠨ ᠳᠠᠭᠠᠨ᠂ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠵᠠᠢ ᠃ ᠲᠡᠭᠦᠨ ᠤ ᠨᠠᠰᠤ ᠪᠠᠷᠠᠭᠰᠠᠨ ᠨᠢ ᠳᠤᠮᠳᠠᠳᠤ ᠤᠯᠤᠰ ᠤᠨ ᠠᠷᠠᠳ ᠲᠦᠮᠡᠨ ᠤ ᠨᠢᠭᠡᠨ ᠬᠠᠭᠤᠴᠢᠨ ᠨᠠᠶᠢᠵᠠ ᠪᠠᠨ ᠠᠯᠳᠠᠬᠰᠠᠨ ᠶᠠᠪᠤᠳᠠᠯ ᠪᠤᠯᠤᠨ᠎ᠠ᠃ ᠳᠤᠮᠳᠠᠳᠤ ᠤᠯᠤᠰ ᠤᠨ ᠬᠢᠨ ᠳᠤᠮᠳᠠᠳᠤ ᠠᠯᠵᠧᠷᠢᠶ᠎ᠠ ᠶᠢᠨ ᠤᠯᠠᠮᠵᠢᠯᠠᠯᠲᠤ ᠨᠥᠬᠦᠷᠯᠡᠯ ᠢ ᠨᠠᠨᠳᠢᠩᠨᠠᠵᠤ᠂ ᠳᠤᠷᠠᠲᠠᠶ᠎ᠠ ᠠᠯᠵᠧᠷᠢᠶ᠎ᠠ ᠶᠢᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠳᠤᠮᠳᠠᠳᠤ ᠠᠯᠵᠧᠷᠢᠶ᠎ᠠ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃  
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ