ᠳᠥᠷᠪᠡᠲᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠳᠤ᠂ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ | ᠬᠤᠷᠢᠶᠠᠨ ᠤ ᠡᠮᠦᠨ᠎ᠡ ᠠᠴᠠ᠂ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠦᠶᠡᠷ ᠤᠰᠤᠲᠤᠯ | ᠪᠠᠶᠢᠭᠠᠯᠢ ᠶᠢᠨ ᠭᠠᠮᠰᠢᠭ ᠵᠡᠷᠭᠡ ᠬᠦᠴᠢᠷᠳᠡᠯ ᠢ ᠢᠯᠠᠨ ᠳᠠᠪᠠᠵᠤ᠂ ᠠᠮᠤ ᠪᠤᠳᠠᠭ᠎ᠠ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠡᠯᠪᠡᠭ ᠬᠤᠷᠢᠶᠠᠯᠲᠠ ᠣᠯᠵᠤ᠂ ᠬᠥᠳᠡᠭᠡ | ᠲᠣᠰᠬᠤᠨ ᠡᠶ᠎ᠡ ᠵᠣᠬᠢᠴᠠᠩᠭᠤᠢ ᠲᠣᠭᠲᠠᠭᠤᠨ᠂ ᠲᠠᠷᠢᠶᠠᠴᠢᠳ ᠵᠣᠯ ᠵᠢᠷᠭᠠᠯ ᠲᠠᠢ ᠠᠮᠤᠷ ᠠᠮᠤᠭᠤᠯᠠᠩ ᠠᠮᠢᠲᠤᠷᠠᠵᠦ᠂ ᠰᠢᠨ᠎ᠡ ᠪᠠᠶᠢᠳᠠᠯ ᠢ ᠡᠭᠦᠳᠬᠦ᠂ ᠬᠤᠪᠢᠷᠠᠯᠲᠠ ᠶᠢ | ᠠᠷᠭᠠᠴᠠᠭᠠᠬᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠭᠤᠣᠯᠳᠠᠯᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠲᠡᠦᠬᠡᠲᠦ ᠴᠢᠨᠠᠷᠲᠠᠢ ᠪᠠᠷ ᠰᠢᠯᠵᠢᠪᠡ᠃ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ | ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ | ᠥᠷᠭᠡᠨ ᠤᠯᠠᠨ ᠲᠠᠷᠢᠶᠠᠴᠢᠨ ᠤ ᠠᠮᠢᠳᠤᠷᠠᠯ ᠢ ᠡᠳᠦᠷ ᠠᠴᠠ ᠡᠳᠦᠷ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | |