ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ 26 ᠤ ᠡᠳᠦᠷ ᠵᠦ ᠯᠢ ᠯᠦᠨ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠳᠤᠮᠳᠠᠳᠤ ᠤᠯᠤᠰ ᠤᠨ ᠭᠤᠮᠢᠨᠳᠠᠩ ᠨᠠᠮ ᠤᠨ | ᠲᠡᠷᠢᠭᠦᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠥᠩᠭᠡᠷᠡᠭᠰᠡᠨ ᠨᠢᠭᠡ ᠬᠤᠭᠤᠴᠠᠭᠠᠨ ᠳᠤ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠬᠠᠮᠲᠤ ᠶᠢᠨ ᠤᠯᠤᠰ ᠲᠦᠷᠦ ᠶᠢᠨ ᠰᠠᠭᠤᠷᠢᠨ ᠳᠡᠭᠡᠷ᠎ᠡ | ᠰᠠᠶᠢᠳᠤᠷ ᠬᠤᠷᠰᠢᠯᠴᠠᠵᠥ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠡᠷ ᠲᠤ ᠪᠤᠶᠠᠨ ᠦᠢᠯᠡᠳᠴᠦ᠂ ᠢᠯᠡᠳᠳᠡ ᠦᠷ᠎ᠡ ᠪᠦᠲᠦᠮᠵᠢ ᠤᠯᠵᠠᠢ᠃ ᠬᠤᠶᠠᠷ ᠨᠠᠮ ᠥᠨᠳᠥᠷ ᠲᠤ | ᠵᠣᠭᠰᠣᠨ ᠠᠯᠤᠰ ᠢ ᠪᠡᠷᠡᠯᠡᠵᠦ᠂ ᠬᠠᠮᠲᠤ ᠶᠢᠨ ᠤᠯᠤᠰ ᠲᠥᠷᠥ ᠶᠢᠨ ᠰᠠᠭᠤᠷᠢ ᠶᠢ ᠪᠠᠷᠢᠮᠲᠠᠯᠠᠨ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ᠨᠢᠭᠳᠠ | ᠬᠠᠮᠳᠤᠷᠠᠯᠴᠠᠵᠤ᠂ ᠠᠬ᠎ᠠ ᠳᠡᠭᠦᠦ ᠨᠡᠷ ᠲᠠᠭᠠᠨ ᠪᠤᠶᠠᠨ ᠵᠢᠷᠭᠠᠯ ᠣᠯᠭᠤᠵᠤ᠂ ᠲᠠᠶᠢᠸᠠᠨ ᠬᠤᠭᠤᠯᠠᠶ ᠶᠢᠨ ᠡᠩᠬᠡ ᠲᠠᠶᠢᠪᠤᠩ ᠤᠨ ᠲᠥᠯᠥᠭᠡ ᠴᠢᠷᠮᠠᠶᠢᠵᠤ᠂ ᠤᠯᠤᠰ | ᠣᠷᠣᠨ ᠤ ᠨᠢᠭᠡᠳᠦᠯ ᠤᠨ ᠲᠥᠯᠥᠭᠡ ᠴᠢᠷᠮᠠᠶᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠵᠢᠭᠠᠵᠤ | ᠭᠠᠷᠭᠠᠪᠠ᠃ | ᠲᠤᠰ ᠡᠳᠦᠷ᠂ ᠰᠢᠨ᠎ᠡ ᠪᠠᠷ ᠰᠣᠩᠭᠤᠭᠳᠠᠭᠰᠠᠨ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠵᠦ ᠯᠢ ᠯᠦᠨ ᠬᠠᠷᠢᠭᠤ ᠴᠠᠬᠢᠯᠭᠠᠨ ᠴᠢᠮᠡᠭᠡ | ᠶᠠᠪᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ | ᠲᠦᠮᠡᠨ ᠴᠥᠮ ᠶᠠᠨᠳᠢ ᠬᠤᠸᠠᠩᠳᠢ ᠶᠢᠨ ᠦᠷ᠎ᠡ ᠬᠤᠶᠢᠴᠢᠰ ᠮᠥᠨ᠂ ᠬᠤᠶᠢᠰᠢᠳᠠ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠂ | ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠰᠠᠭᠤᠷᠢᠨ ᠳᠡᠭᠡᠷ᠎ᠡ᠂ ᠢᠲᠡᠭᠡᠯᠴᠡᠭᠡ ᠠᠭᠤᠰᠤᠯᠴᠠᠯ ᠢᠶᠠᠨ ᠨᠡᠮᠡᠭᠳᠡᠭᠦᠯᠵᠦ᠂ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠦᠷᠭᠦᠯᠵᠢᠯᠡᠨ | ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠤᠯᠠᠨ ᠳᠤ ᠬᠠᠮᠲᠤ ᠪᠠᠷ ᠪᠤᠶᠠᠨ ᠦᠢᠯᠡᠳᠴᠦ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ | ᠲᠣᠭᠲᠠᠭᠤᠨ ᠢ ᠠᠬᠢᠭᠤᠯᠬᠤ ᠶᠢ ᠳᠤᠩ ᠬᠦᠰᠡᠵᠦ ᠪᠠᠶᠢᠨ᠎ᠠ ᠭᠡᠵᠦ ᠢᠯᠡᠳᠬᠡᠪᠡ᠃ | |