ᠨᠢᠯᠬ᠎ᠠ ᠬᠤᠷᠠᠭᠠᠨ ᠤ ᠰᠢᠩᠭᠡᠯᠲᠡ ᠶᠢᠨ ᠴᠢᠳᠠᠪᠤᠷᠢ ᠶᠢ ᠰᠠᠶᠢᠵᠢᠷᠠᠭᠤᠯᠬᠤ ᠠᠷᠭ᠎ᠠ
ᠨᠡᠶᠢᠲᠡᠯᠡᠭᠰᠡᠨ ᠴᠠᠭ᠄
2021/9/6
    ᠰᠢᠩᠭᠡᠯᠲᠡ ᠶᠢᠨ ᠴᠢᠳᠠᠪᠤᠷᠢ ᠳᠣᠷᠤᠢ ᠪᠠᠶᠢᠳᠠᠭ ᠪᠣᠯ ᠬᠦᠬᠦᠯᠲᠡ ᠶᠢᠨ ᠬᠤᠭᠤᠴᠠᠭᠠᠨ ᠤ ᠨᠢᠯᠬ᠎ᠠ ᠬᠤᠷᠠᠭᠠᠨ ᠳᠤ ᠦᠷᠭᠦᠯᠵᠢ ᠲᠣᠬᠢᠶᠠᠯᠳᠠᠳᠠᠭ ᠦᠵᠡᠭᠳᠡᠯ ᠪᠣᠯᠬᠤ ᠶᠤᠮ᠃ ᠡᠨᠡ ᠨᠢ ᠭᠤᠣᠯᠳᠠᠭᠤ ᠬᠤᠷᠠᠭᠠᠨ ᠤ ᠭᠡᠳᠡᠰᠦ ᠬᠤᠳᠤᠭᠤᠳᠤᠨ ᠤ ᠰᠢᠰᠲ᠋ᠧᠮ ᠡᠮᠬᠢ ᠵᠠᠮᠪᠠᠷᠠᠭ᠎ᠠ ᠪᠠᠨ ᠠᠯᠳᠠᠭᠰᠠᠨ ᠠᠴᠠ ᠡᠭᠦᠰᠦᠭᠰᠡᠨ ᠦᠵᠡᠭᠳᠡᠯ ᠪᠣᠯᠬᠤ ᠪᠦᠭᠡᠳ ᠴᠢᠴᠠᠭ᠎ᠠ ᠠᠯᠳᠠᠬᠤ᠂ ᠡᠴᠡᠵᠦ ᠲᠤᠷᠠᠬᠤ ᠵᠡᠷᠭᠡ ᠢᠯᠡᠷᠡᠯ ᠲᠠᠢ ᠪᠠᠶᠢᠳᠠᠭ᠃    ᠨᠢᠭᠡ᠂ ᠬᠤᠷᠠᠭᠠᠨ ᠤ ᠰᠢᠩᠭᠡᠯᠲᠡ ᠶᠢᠨ ᠰᠢᠰᠲ᠋ᠧᠮ ᠳᠣᠷᠤᠢ ᠪᠠᠶᠢᠳᠠᠭ ᠤᠨ ᠰᠢᠯᠲᠠᠭᠠᠨ᠃1᠂ ᠡᠬᠡ ᠮᠠᠯ ᠨᠢ ᠬᠡᠭᠡᠯ ᠲᠠᠢ ᠬᠤᠭᠤᠴᠠᠭᠠᠨ ᠳ᠋ᠠ ᠪᠠᠨ ᠤᠭᠤᠷᠠᠭ᠂ ᠡᠷᠦᠳᠡᠰᠦ᠂ ᠸᠢᠲ᠋ᠠᠮᠢᠨ ᠵᠡᠷᠭᠡ ᠰᠢᠮ᠎ᠡ ᠲᠡᠵᠢᠭᠡᠯ ᠳᠤᠲᠠᠭᠳᠠᠯ ᠬᠡᠪᠡᠯᠢ ᠳᠠᠬᠢ ᠬᠤᠷᠠᠭᠠᠨ ᠤ ᠦᠰᠦᠯᠲᠡ ᠶᠢ ᠨᠦᠯᠦᠭᠡᠯᠡᠬᠦ ᠪᠠᠷ ᠪᠠᠷᠠᠬᠤ ᠦᠭᠡᠢ᠂ ᠰᠦᠨ ᠤ ᠪᠠᠭᠤᠯᠲᠠ ᠶᠢ ᠴᠤ ᠨᠥᠯᠦᠭᠡᠯᠡᠵᠤ᠂ ᠬᠤᠷᠠᠭᠠᠨ ᠤ ᠰᠢᠩᠭᠡᠯᠲᠡ ᠶᠢᠨ ᠰᠢᠰᠲ᠋ᠧᠮ ᠤᠨ ᠡᠮᠬᠢ ᠵᠠᠮᠪᠠᠷᠠᠭ᠎ᠠ ᠶᠢ ᠠᠯᠳᠠᠭᠤᠯᠳᠠᠭ ᠪᠠᠶᠢᠨ᠎ᠠ᠃2᠂ ᠡᠬᠡ ᠮᠠᠯ ᠪᠠ ᠨᠢᠯᠬ᠎ᠠ ᠬᠤᠷᠠᠭ᠎ᠠ ᠶᠢ ᠲᠡᠵᠢᠭᠡᠵᠦ ᠠᠷᠠᠴᠢᠯᠠᠬᠤ ᠲᠠᠯ᠎ᠠ ᠪᠠᠷ ᠴᠠᠭ᠂ ᠬᠡᠮᠵᠢᠶ᠎ᠡ ᠳᠤᠯᠠᠭᠠᠨ ᠵᠡᠷᠭᠡ ᠶᠢ ᠵᠣᠬᠢᠰᠲᠠᠢ ᠲᠣᠬᠢᠷᠠᠭᠤᠯᠬᠤ ᠦᠭᠡᠢ ᠪᠣᠯ ᠪᠠᠰᠠ ᠬᠤᠷᠠᠭᠠᠨ ᠤ ᠰᠢᠩᠭᠡᠯᠲᠡ ᠶᠢ ᠳᠣᠷᠤᠶᠢᠲᠠᠭᠤᠯᠳᠠᠭ᠃    ᠬᠤᠶᠠᠷ᠂ ᠬᠤᠷᠠᠭᠠᠨ ᠤ ᠰᠢᠩᠭᠡᠯᠲᠡ ᠶᠢᠨ ᠴᠢᠳᠠᠪᠤᠷᠢ ᠳᠣᠷᠤᠶᠢᠲᠠᠭᠰᠠᠨ ᠤ ᠢᠯᠡᠷᠡᠯ᠄1᠂ ᠡᠩ ᠤᠨ ᠴᠢᠨᠠᠷᠲᠠᠢ ᠰᠢᠩᠭᠡᠯᠲᠡ ᠶᠢᠨ ᠴᠢᠳᠠᠪᠤᠷᠢ ᠮᠠᠭᠤᠲᠠᠬᠤ᠃ ᠬᠤᠷᠠᠭᠠᠨ ᠤ ᠪᠡᠶ᠎ᠡ ᠶᠢᠨ ᠳᠤᠯᠠᠭᠠᠨ ᠪᠠᠭ᠎ᠠ ᠳᠤᠤᠷ᠎ᠠ ᠪᠤᠶᠤ ᠬᠡᠪ ᠤᠨ ᠪᠠᠶᠢᠳᠠᠯ ᠳᠤ ᠪᠠᠶᠢᠵᠤ᠂ ᠪᠠᠭ᠎ᠠ ᠬᠡᠮᠵᠢᠶ᠎ᠡ ᠪᠠᠷ ᠴᠢᠴᠠᠭ᠎ᠠ ᠠᠯᠳᠠᠬᠤ ᠦᠵᠡᠭᠳᠡᠯ ᠢᠯᠡᠷᠡᠵᠤ᠂ ᠪᠠᠭᠠᠰᠤᠨ ᠤ ᠥᠩᠭᠡ ᠨᠢ  ᠬᠦᠷᠡᠩ ᠰᠢᠷ᠎ᠠ ᠠᠴᠠ ᠬᠦᠷᠡᠩ ᠨᠣᠭᠤᠭᠠᠨ ᠪᠣᠯᠵᠤ ᠬᠤᠪᠢᠷᠠᠨ᠎ᠠ᠃ ᠭᠡᠳᠡᠰᠦ ᠨᠢ ᠲᠤᠤᠭᠠᠷᠬᠤ ᠡᠪᠡᠳᠬᠦ ᠵᠡᠷᠭᠡ ᠢᠯᠡᠷᠡᠯ ᠡᠭᠦᠰᠴᠦ᠂ ᠰᠤᠳᠠᠯ ᠤᠨ ᠯᠤᠭᠰᠢᠯᠲᠠ ᠪᠠ ᠠᠮᠢᠰᠬᠤᠬᠤ ᠲᠤᠭ᠎ᠠ ᠦᠨᠳᠦᠷᠵᠢᠵᠤ᠂ ᠦᠰᠦ ᠨᠢ ᠪᠤᠷᠵᠢᠢᠨ ᠭᠢᠯᠪᠠᠭ᠎ᠠ ᠪᠠᠨ ᠠᠯᠳᠠᠵᠤ᠂ ᠡᠪᠡᠳᠴᠢᠨ ᠨᠢ ᠬᠦᠨᠳᠦᠷᠡᠪᠡᠯ ᠪᠦᠬᠦ ᠪᠡᠶ᠎ᠡ ᠨᠢ ᠴᠡᠴᠡᠷᠡᠬᠦ ᠦᠵᠡᠭᠳᠡᠯ ᠢᠯᠡᠷᠡᠵᠦ᠂ ᠨᠢᠯᠬ᠎ᠠ ᠬᠤᠷᠠᠭ᠎ᠠ ᠵᠣᠭᠰᠤᠵᠤ ᠴᠢᠳᠠᠬᠤ ᠦᠭᠡᠢ ᠪᠣᠯᠳᠠᠭ᠃2᠂ ᠬᠤᠣᠷᠳᠠᠭᠳᠠᠭᠰᠠᠨ ᠴᠢᠨᠠᠷᠲᠠᠢ ᠰᠢᠩᠭᠡᠯᠲᠡ ᠶᠢᠨ ᠴᠢᠳᠠᠪᠤᠷᠢ ᠮᠠᠭᠤᠲᠠᠬᠤ᠃ ᠡᠪᠡᠳᠴᠢᠯᠡᠭᠰᠡᠨ‌ᠬᠤᠷᠠᠭ᠎ᠠ ᠴᠤᠭ ᠵᠢᠪᠬᠤᠭ᠎ᠠ ᠪᠠᠨ ᠠᠯᠳᠠᠨ᠂ ᠢᠳᠡᠰᠢᠨ ᠤ ᠳᠤᠷᠠᠰᠢᠯ ᠨᠢ ᠮᠠᠭᠤᠲᠠᠵᠤ᠂ ᠭᠠᠵᠠᠷ ᠲᠤ ᠬᠡᠪᠲᠡᠨ ᠲᠣᠯᠤᠭᠠᠢ ᠪᠠᠨ ᠠᠷᠤᠨᠰᠢ ᠲᠠᠲᠠᠬᠤ ᠦᠵᠡᠭᠳᠡᠯ ᠢᠯᠡᠷᠡᠳᠡᠭ᠃ ᠪᠡᠶ᠎ᠡ ᠶᠢᠨ ᠳᠤᠯᠠᠭᠠᠨ ᠨᠢ ᠥᠨᠳᠦᠷᠵᠢᠵᠦ᠂ ᠪᠦᠬᠦ ᠪᠡᠶ᠎ᠡ ᠨᠢ ᠴᠡᠴᠡᠷᠡᠬᠦ ᠪᠠ ᠬᠦᠵᠦᠭᠦᠦ ᠨᠢ ᠲᠠᠲᠠᠵᠤ᠂ ᠡᠪᠡᠳᠴᠢᠨ ᠨᠢ ᠬᠦᠨᠳᠦᠷᠡᠪᠡᠯ ᠪᠡᠶ᠎ᠡ ᠶᠢᠨ ᠳᠤᠯᠠᠭᠠᠨ ᠨᠢ ᠲᠦᠷᠭᠡᠨ ᠳᠣᠷᠤᠭᠰᠢᠯᠠᠵᠤ ᠮᠡᠳᠡᠭᠡ ᠠᠯᠲᠠᠨ ᠴᠢᠨᠠᠭᠰᠢᠯᠠᠪᠠᠯ ᠦᠬᠦᠳᠡᠭ ᠪᠠᠶᠢᠨ᠎ᠠ᠃    ᠭᠤᠷᠪᠠ᠂ ᠰᠡᠷᠭᠡᠶᠢᠯᠡᠨ ᠵᠠᠰᠠᠬᠤ᠃1᠂ ᠰᠡᠷᠭᠡᠶᠢᠯᠡᠬᠦ ᠠᠷᠠᠭ᠎ᠠ᠄ ᠡᠬᠡ ᠮᠠᠯ ᠪᠠ ᠨᠢᠯᠬ᠎ᠠ ᠬᠤᠷᠠᠭᠠᠨ ᠤ ᠠᠷᠠᠴᠢᠯᠠᠵᠤ ᠳᠣᠳᠤᠮᠳᠠᠬᠤ ᠶᠢ ᠴᠢᠩᠭᠠᠳᠬᠠᠨ᠂ ᠡᠷᠡᠭᠦᠯ ᠬᠠᠮᠠᠭᠠᠯᠠᠯ ᠢ ᠠᠩᠬᠠᠷᠠᠵᠤ᠂ ᠵᠢᠷᠦᠬᠡᠨ ᠲᠠᠮᠢᠷ ᠢ ᠨᠢ ᠳᠡᠭᠡᠭᠰᠢᠭᠦᠯᠦᠨ᠂ ᠪᠠᠺᠲ᠋ᠧᠷᠢ ᠶᠢ ᠤᠰᠠᠳᠬᠠᠵᠤ᠂ ᠬᠦᠴᠢᠯ ᠳᠤ ᠬᠤᠤᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠡᠬᠡ ᠬᠤᠨᠢᠨ ᠳᠤ ᠡᠪᠡᠰᠦ ᠶᠢ ᠭᠦᠢᠴᠡᠳ ᠨᠦᠬᠦᠪᠦᠷᠢᠯᠡᠨ ᠥᠭᠴᠦ᠂ ᠬᠠᠭᠤᠷᠠᠢ ᠡᠪᠡᠰᠦ ᠪᠠ ᠬᠤᠯᠤᠤᠪᠠᠩ ᠢᠶᠠᠷ ᠲᠡᠵᠢᠭᠡᠪᠡᠯ ᠰᠠᠶᠢᠨ᠃    ᠳᠦᠷᠪᠠ᠂ ᠵᠠᠰᠠᠬᠤ ᠠᠷᠭ᠎ᠠ᠄ ᠬᠤᠨᠢ ᠪᠠᠨ ᠳᠤᠯᠠᠭᠠᠨ ᠪᠦᠭᠡᠳ ᠬᠠᠭᠤᠷᠠᠢ ᠬᠠᠰᠢᠶ᠎ᠠ ᠰᠡᠷᠡᠪᠴᠢᠨ ᠳᠤ ᠪᠠᠶᠢᠯᠭᠠᠵᠤ᠂ ᠴᠠᠬᠢᠯᠭᠠᠨ ᠵᠠᠳᠠᠯᠤᠭᠴᠢ ᠠᠭᠤᠰᠤᠮᠠᠯ ᠤᠨ ᠰᠢᠩᠭᠡᠨ ᠢ ᠤᠤᠭᠤᠯᠭᠠᠨ᠎ᠠ᠃ ᠨᠢᠯᠬ᠎ᠠ ᠬᠤᠷᠠᠭᠠᠨ ᠳᠤ ᠲᠣᠰᠤᠨ ᠤ ᠵᠤᠶᠢᠯ ᠪᠤᠶᠤ ᠳᠠᠪᠦᠰᠦᠨ ᠤ ᠲᠥᠷᠦᠯ ᠤᠨ ᠤᠮᠳᠠᠭᠠᠨ ᠢ ᠤᠤᠭᠤᠯᠭᠠᠵᠤ᠂ ᠭᠡᠳᠡᠰᠦᠨ ᠳᠠᠬᠢ ᠦᠯᠡᠳᠡᠭᠳᠡᠯ ᠪᠤᠳᠠᠰ ᠢ ᠤᠬᠢᠶᠠᠨ᠂ ᠪᠠᠺᠲ᠋ᠧᠷᠢ ᠦᠷᠡᠵᠢᠬᠦ ᠠᠴᠠ ᠰᠡᠷᠭᠡᠶᠢᠯᠡᠨ᠎ᠡ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号