ᠤᠷᠠᠳ ᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠬᠤᠶᠠᠷ ᠵᠦᠢᠯ ᠤᠨ ᠪᠥᠬᠦ ᠤᠯᠤᠰ ᠤᠨ ᠵᠢᠭᠠᠨ ᠰᠤᠷᠭᠠᠯᠲᠠ ᠶᠢᠨ ᠶᠡᠭᠡ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2022/1/13
     ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠳᠤᠮᠳᠠᠳᠤ ᠰᠤᠷᠭᠠᠭᠤᠯᠢ ᠶᠢᠨ ᠹᠢᠽᠢᠺ ᠤᠨ ᠵᠠᠯᠠᠭᠤ ᠪᠠᠭᠰᠢ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠳᠤ᠂ ᠮᠠᠨ ᠤ ᠬᠤᠲᠠ ᠶᠢᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠹᠢᠽᠢᠺ ᠤᠨ ᠪᠠᠭᠰᠢ ᠯᠦᠸᠧ ᠴᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠪᠥᠬᠦ ᠤᠯᠤᠰ ᠤᠨ ᠰᠡᠢᠳᠪᠦᠷᠢᠳᠦ ᠤᠷᠤᠯᠳᠤᠭᠠᠨ ᠳᠤ ᠣᠷᠣᠯᠴᠠᠵᠤ᠂ ᠥᠨᠳᠥᠷ ᠳᠤᠮᠳᠠᠳᠤ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠪᠠ ᠥᠪᠡᠷ ᠢᠶᠠᠨ  ᠦᠢᠯᠡᠳᠦᠭᠰᠡᠨ ᠵᠢᠭᠠᠨ ᠰᠤᠷᠭᠠᠯᠲᠠ ᠶᠢᠨ ᠪᠠᠭᠠᠵᠢ ᠶᠢᠨ ᠦᠵᠡᠭᠦᠯᠦᠯᠭᠡ ᠶᠢᠨ ᠰᠢᠯᠭᠠᠷᠠᠭᠤᠯᠤᠯᠲᠠ ᠶᠢᠨ ᠨᠢᠭᠡᠳᠦᠭᠡᠷ ᠳᠡᠰ ᠤᠨ ᠱᠠᠩᠨᠠᠯ ᠢ ᠭᠥᠷᠳᠡᠵᠦ᠂ ᠲᠣᠰ ᠬᠤᠭᠤᠴᠠᠭᠠᠨ ᠤ ᠤᠷᠤᠯᠳᠤᠭᠠᠨ ᠤ ᠪᠥᠬᠦ ᠤᠯᠤᠰ ᠤᠨ ᠴᠣᠷ ᠤᠨ ᠭᠠᠭᠴᠠ ᠬᠤᠶᠠᠷ ᠨᠢᠭᠡᠳᠦᠭᠡᠷ ᠳᠡᠰ ᠤᠨ ᠱᠠᠩᠨᠠᠯ ᠭᠥᠷᠳᠡᠭᠰᠡᠨ ᠤᠷᠤᠯᠳᠤᠭᠠᠨ ᠳᠤ ᠣᠷᠣᠯᠴᠠᠭᠰᠠᠨ ᠪᠠᠭᠰᠢ ᠪᠣᠯᠤᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠳᠤᠮᠳᠠᠳᠤ ᠰᠤᠷᠭᠠᠭᠤᠯᠢ ᠶᠢᠨ ᠹᠢᠽᠢᠺ ᠤᠨ ᠵᠠᠯᠠᠭᠤ ᠪᠠᠭᠰᠢ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠢ ᠳᠤᠮᠳᠠᠳᠤ ᠤᠯᠤᠰ ᠤᠨ ᠹᠢᠽᠢᠺ ᠤᠨ ᠤᠬᠠᠭᠠᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠪᠥᠬᠦ ᠤᠯᠤᠰ ᠤᠨ ᠬᠠᠮᠤᠭ ᠤᠨ ᠴᠢᠬᠤᠯᠠ᠂ ᠬᠠᠮᠤᠭ ᠤᠨ ᠡᠷᠬᠡ ᠰᠦᠷ ᠲᠠᠢ ᠪᠥᠭᠡᠳ ᠨᠥᠯᠥᠭᠡᠯᠡᠬᠦ ᠬᠦᠴᠦᠨ ᠢᠶᠠᠷ ᠬᠠᠮᠤᠭ ᠤᠨ ᠶᠡᠭᠡ ᠤᠷᠤᠯᠳᠤᠭᠠᠨ ᠪᠣᠯᠤᠨ᠎ᠠ᠃ ᠲᠣᠰ ᠤᠳᠠᠭ᠎ᠠ ᠪᠥᠬᠦ ᠤᠯᠤᠰ ᠤᠨ ᠡᠯ᠎ᠡ ᠮᠤᠵᠢ᠂ ᠰᠢᠭᠤᠳ ᠬᠠᠷᠢᠶ᠎ᠠ ᠬᠤᠲᠠ᠂ ᠥᠪᠡᠷᠲᠡᠭᠡᠨ ᠵᠠᠰᠠᠬᠤ ᠣᠷᠣᠨ ︵ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠪᠠᠭᠲᠠᠨ᠎ᠠ︶ ᠠᠴᠠ ᠢᠷᠡᠭᠰᠡᠨ ᠨᠡᠶᠢᠲᠡ 67 ᠵᠢᠭᠠᠨ ᠰᠤᠷᠭᠠᠯᠲᠠ ᠶᠢᠨ ᠰᠣᠳᠣᠨ ᠬᠥᠮᠦᠰ ᠤᠷᠤᠯᠳᠤᠭᠠᠨ ᠳᠤ ᠣᠷᠣᠯᠴᠠᠵᠠᠶ᠃ ᠲᠣᠰ ᠤᠳᠠᠭᠠᠨ ᠤ ᠵᠢᠭᠠᠨ ᠰᠤᠷᠭᠠᠯᠲᠠ ᠶᠢᠨ ᠤᠷᠤᠯᠳᠤᠭᠠᠨ ᠳᠤ᠂ ᠯᠦᠸᠧ ᠴᠧᠩ ᠪᠠᠭᠰᠢ ᠶᠢᠨ ᠤᠷᠤᠯᠳᠤᠭᠠᠨ ᠳᠤ ᠣᠷᠣᠯᠴᠠᠬᠤ ᠰᠡᠳᠦᠪ ᠨᠢ ︽ᠴᠠᠬᠢᠯᠭᠠᠨ ᠰᠣᠷᠢᠨᠵᠢᠨ ᠨᠥᠯᠥᠭᠡᠯᠡᠯ ᠤᠨ ᠦᠵᠡᠭᠳᠡᠯ ᠵᠢᠴᠢ ᠬᠡᠷᠡᠭᠯᠡᠯᠲᠡ︾ ᠪᠣᠯᠤᠨ᠎ᠠ᠃ ᠤᠷᠤᠯᠳᠤᠭᠠᠨ ᠳᠤ᠂ ᠯᠦᠸᠧ ᠴᠧᠩ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠭᠤᠶᠢᠳᠠ ᠰᠠᠶᠢᠬᠠᠨ ᠲᠤᠷᠰᠢᠯᠲᠠ ᠶᠢᠨ ᠰᠦᠪᠡᠭᠴᠢᠯᠡᠯ᠂ ᠲᠣᠳᠣᠷᠬᠠᠢ ᠬᠢᠴᠢᠶᠡᠯᠯᠡᠬᠦ ᠰᠡᠳᠬᠢᠴᠡ᠂ ᠯᠠᠪᠳᠠᠭᠤᠨ ᠪᠠᠲᠤᠲᠠᠢ ᠦᠨᠳᠦᠰᠦᠨ ᠪᠣᠯᠪᠠᠰᠤᠷᠠᠯ᠂ ᠠᠮᠢᠳᠤᠯᠢᠭ ᠴᠣᠪᠣᠭᠤᠯᠢᠭ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠳᠡᠯᠭᠡᠨ ᠦᠵᠡᠭᠦᠯᠵᠦ᠂ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠬᠢᠴᠢᠶᠡᠯ ᠰᠣᠨᠣᠰᠬᠤ ᠪᠠᠭᠰᠢ ᠨᠢᠭᠡᠪᠦᠷᠢ ᠶᠢᠨ ᠰᠡᠳᠬᠢᠯ ᠢ ᠬᠥᠳᠡᠯᠭᠡᠵᠦ᠂ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠬᠦᠷᠳᠡᠵᠡᠢ᠃    ᠡᠭᠦᠨ ᠠᠴᠠ ᠭᠠᠳᠠᠨ᠎ᠠ᠂ ᠲᠣᠰ ᠬᠤᠭᠤᠴᠠᠭᠠᠨ ᠤ ᠤᠷᠤᠯᠳᠤᠭᠠᠨ ᠲᠠᠢ ᠵᠡᠷᠭᠡᠪᠡᠷ ᠶᠠᠪᠤᠭᠳᠠᠭᠰᠠᠨ ᠥᠪᠡᠷ ᠢᠶᠠᠨ ᠦᠢᠯᠡᠳᠦᠭᠰᠡᠨ ᠵᠢᠭᠠᠨ ᠰᠤᠷᠭᠠᠬᠤ ᠪᠠᠭᠠᠵᠢ ᠶᠢ ᠳᠡᠯᠭᠡᠨ ᠦᠵᠡᠭᠦᠯᠬᠦ ᠪᠠ ᠰᠢᠯᠭᠠᠷᠠᠭᠤᠯᠬᠤ ᠠᠵᠢᠯᠯᠠᠭ᠎ᠠ ᠳᠤ ᠯᠦᠸᠧ ᠴᠧᠩ ᠪᠣᠯᠤᠨ ᠪᠠᠶ ᠴᠠᠨ ᠾᠧᠩ ᠪᠠᠭᠰᠢ ᠶᠢᠨ ᠬᠠᠮᠲᠤᠷᠠᠨ ᠥᠪᠡᠷ ᠢᠶᠠᠨ ᠦᠢᠯᠡᠳᠦᠭᠰᠡᠨ ᠲᠤᠷᠰᠢᠯᠲᠠ ᠶᠢᠨ ᠪᠠᠭᠠᠵᠢ ᠬᠡᠷᠡᠭᠰᠡᠯ ᠪᠣᠯᠬᠤ ︽ᠨᠥᠯᠥᠭᠡᠨ ᠴᠠᠬᠢᠯᠭᠠᠨ ᠭᠦᠶᠦᠳᠡᠯ ᠤᠨ ᠡᠭᠦᠰᠬᠦ ᠨᠥᠬᠦᠴᠡᠯ ᠤᠨ ᠬᠠᠶᠢᠨ ᠰᠢᠨᠵᠢᠯᠡᠭᠡᠨ ᠤ ᠪᠠᠭᠠᠵᠢ︾ ᠨᠢ ᠨᠢᠭᠡᠳᠦᠭᠡᠷ ᠳᠡᠰ ᠤᠨ ᠱᠠᠩᠨᠠᠯ ᠭᠥᠷᠳᠡᠪᠡ︔ ᠥᠭᠡᠷᠡᠴᠢᠯᠡᠨ ᠰᠠᠶᠢᠵᠢᠷᠠᠭᠤᠯᠤᠭᠰᠠᠨ ᠲᠤᠷᠰᠢᠯᠲᠠ ᠶᠢᠨ ᠬᠡᠷᠡᠭᠰᠡᠯ ︽ᠲᠡᠭᠰᠢ ᠰᠢᠳᠡᠬᠦ ᠬᠥᠳᠡᠯᠭᠡᠭᠡᠨ ᠤ ᠦᠵᠡᠭᠦᠯᠦᠭᠦᠷ︾ ᠨᠢ ᠬᠤᠶᠠᠳᠤᠭᠠᠷ ᠳᠡᠰ ᠤᠨ ᠱᠠᠩᠨᠠᠯ ᠬᠦᠷᠳᠡᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠠᠭᠤ ᠠᠯᠳᠠᠷ ᠢ ᠣᠯᠭᠤᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ