ᠮᠢᠩᠭᠠᠨ ᠪᠠᠯᠭᠠᠰᠤᠨ ᠤ ︽ᠲᠠᠪᠤ ᠪᠠᠷ ᠬᠦᠴᠦᠯᠡᠵᠦ︾ ᠲᠣᠰᠬᠤᠨ ᠳᠤᠭᠤᠶᠢᠯᠠᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/1/13
    2021 ᠣᠨ ᠳᠤ᠂ ᠡᠮᠦᠨᠡᠳᠦ ᠬᠤᠰᠢᠭᠤᠨ ᠤ ᠮᠢᠩᠭᠠᠨ ᠪᠠᠯᠭᠠᠰᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠲᠠᠪᠤᠨ ᠬᠦᠴᠦᠯᠡᠬᠦ︾ ᠶᠢ ᠪᠠᠷᠢᠮᠲᠠᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠠᠭᠠᠯᠠᠮᠵᠢᠲᠠᠶ ᠣᠳᠣᠬᠢᠴᠢᠯᠠᠭᠰᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠣᠯᠪᠠᠰᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ᠃    ᠺᠠᠳ᠋ᠷ ᠤᠯᠠᠨ ᠲᠦᠮᠡᠨ ᠬᠤᠯᠪᠣᠭᠠᠯᠠᠨ ᠬᠥᠳᠡᠯᠦᠯᠴᠡᠬᠦ ᠳᠡᠭᠡᠷ᠎ᠡ  ᠬᠦᠴᠦᠯᠡᠪᠡ᠃ ︽ᠲᠣᠤᠷᠵᠢᠭᠤᠯᠤᠨ ᠬᠠᠮᠢᠶᠠᠷᠬᠤ᠂ ᠬᠥᠮᠦᠨ ᠢ ᠲᠣᠭᠲᠠᠭᠠᠨ ᠬᠠᠷᠢᠭᠤᠴᠠᠯᠭ᠎ᠠ ᠶᠢ ᠲᠣᠭᠲᠠᠭᠠᠬᠤ᠂ ᠣᠷᠣᠨ ᠪᠦᠰᠡ ᠶᠢ ᠡᠷᠦᠬᠡ ᠳᠤ ᠬᠦᠷᠦᠭᠦᠯᠬᠦ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ︾ ᠠᠵᠢᠯ ᠤᠨ ᠵᠠᠭᠪᠤᠷ ᠶᠣᠰᠣᠭᠠᠷ᠂ ᠠᠷᠢᠭᠤᠨ ᠴᠡᠪᠡᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠬᠢᠭᠡᠳ ︽ᠳᠥᠷᠪᠡ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠬᠥᠮᠦᠨ ᠨᠢᠭᠡᠪᠦᠷᠢ ᠳᠤ ᠨᠡᠶᠢᠳᠠᠪᠤᠷᠢᠵᠢᠭᠤᠯᠪᠠ᠃    ᠳᠤᠲᠠᠭᠤᠳᠠᠯ ᠢᠶᠠᠨ ᠨᠥᠬᠦᠪᠥᠷᠢᠯᠡᠬᠦ ᠳᠡᠭᠡᠷ᠎ᠡ ᠬᠦᠴᠦᠯᠡᠪᠡ᠃ ᠨᠠᠮ ᠤᠨ ᠭᠡᠰᠢᠭᠦᠨ ᠲᠦᠷᠦᠭᠦᠯᠡᠨ᠂ ᠪᠠᠯᠭᠠᠰᠤ ᠲᠣᠰᠬᠤᠨ ᠤ ᠺᠠᠳ᠋ᠷ᠂ ᠴᠡᠪᠡᠷᠯᠡᠭᠴᠢ ᠬᠠᠮᠲᠤᠪᠠᠷ ᠬᠦᠴᠦᠯᠡᠵᠦ᠂ ᠵᠠᠰᠠᠮᠠᠯ ᠵᠠᠮ ᠳᠠᠭᠠᠤ᠂ ᠲᠣᠰᠬᠤᠨ ᠤ ᠨᠦᠬᠡᠨ ᠵᠠᠮ᠂ ᠬᠡᠷ ᠤᠨ ᠡᠮᠦᠨ᠎ᠡ ᠠᠷᠤ᠂ ᠠᠭᠤᠯᠠᠨ ᠦᠶᠡᠷ ᠤᠨ ᠭᠤᠤ ᠭᠤᠤᠯ ᠤᠨ ᠬᠤᠩᠭᠢᠯ ᠵᠡᠷᠭᠡ ᠠᠮᠢᠳᠤᠷᠠᠯ ᠤᠨ ᠬᠤᠭ ᠨᠣᠪᠰᠢ᠂ ᠪᠤᠵᠠᠷ ᠡᠪᠡᠰᠦ ᠡᠯᠳᠡᠪ ᠪᠣᠳᠠᠰ ᠤᠨ ᠲᠣᠭᠤᠷᠢᠨ ᠳᠤ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃     ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠳᠡᠭᠡᠷ᠎ᠡ ᠬᠦᠴᠦᠯᠡᠪᠡ᠃ ᠲᠣᠰᠬᠤᠨ ᠳᠤᠭᠤᠶᠢᠯᠠᠩ ᠤᠨ ᠺᠠᠳ᠋ᠷ᠂ ᠣᠯᠠᠨ ᠲᠦᠮᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠨ᠂ ︽ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠣᠷᠤᠩᠭᠤᠶ ᠶᠢ ᠰᠢᠪᠠᠳᠠᠬᠤ︾ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠭᠤᠷ ᠠᠮᠢᠰᠬᠤᠯ ᠢ ᠠᠯᠬᠤᠮ ᠠᠯᠬᠤᠮ ᠢᠶᠠᠷ  ᠪᠤᠯᠭᠠᠪᠠ᠃     ᠦᠷᠭᠦᠯᠵᠢᠯᠡᠨ ᠤᠬᠠᠭᠤᠯᠬᠤ ᠲᠡᠭᠡᠷ᠎ᠡ ᠬᠦᠴᠦᠯᠡᠪᠡ᠃ ᠰᠦᠯᠵᠢᠶᠡᠨ ᠳᠡᠭᠡᠷᠡᠬᠢ ᠸᠢᠴᠠᠲ ᠤᠨ ᠣᠯᠠᠨ ᠲᠦᠮᠡᠨ ᠤ ᠤᠷᠢᠶᠠᠯᠠᠭ᠎ᠠ ᠪᠠ ᠰᠦᠯᠵᠢᠶᠡᠨ ᠠᠴᠠ ᠭᠠᠳᠠᠨ᠎ᠠ ᠡᠷᠦᠬᠡ ᠳᠤ ᠣᠷᠣᠵᠤ ᠳᠠᠶᠢᠴᠢᠯᠠᠬᠤ ᠶᠢ ᠬᠠᠷᠢᠯᠴᠠᠨ ᠤᠶᠠᠯᠳᠤᠭᠤᠯᠬᠤ᠂ ᠲᠣᠭᠲᠠᠮᠠᠯ ᠤᠬᠠᠭᠤᠯᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠪᠠᠷ  ᠥᠷᠨᠢᠭᠦᠯᠬᠦ ᠶᠢᠨ ᠴᠢᠬᠤᠯᠠ ᠴᠢᠨᠠᠷ ᠢ ᠶᠡᠬᠡᠪᠡᠷ ᠤᠬᠠᠭᠤᠯᠵᠤ᠂ ᠥᠷᠭᠡᠨ ᠣᠯᠠᠨ ᠲᠦᠮᠡᠨ ᠢ   ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠦᠵᠡᠯ ᠤᠬᠠᠮᠰᠠᠷ᠂ ᠪᠣᠯᠪᠠᠰᠤᠨ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤᠪᠠᠷ ᠪᠥᠲᠥᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠪᠠ᠃     ᠰᠢᠮᠳᠠᠭᠤᠯᠤᠨ ᠪᠠᠶᠢᠴᠠᠭᠠᠬᠤ ᠲᠡᠭᠡᠷ᠎ᠡ ᠬᠦᠴᠦᠯᠡᠪᠡ᠃ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠰ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠬᠠᠮᠲᠤᠷᠠᠨ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠪᠠᠶᠢᠩᠭᠤ ᠶᠢᠨ ᠴᠢᠨᠠᠷᠲᠠᠶ ᠰᠢᠪᠠᠳᠠᠨ ᠪᠠᠶᠢᠴᠠᠭᠠᠯᠲᠠ ᠬᠢᠪᠠ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ