2021 ᠣᠨ ᠠᠴᠠ ᠨᠠᠰᠢ᠂ ᠣᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠂ | ᠬᠤᠲᠠ᠂ ᠬᠤᠰᠢᠭᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠤᠬᠠᠶ ᠰᠢᠢᠳᠪᠦᠷᠢᠲᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠥᠩᠬᠡ ᠰᠤᠪᠠᠭ | ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠠᠷᠠᠲᠤ ᠲᠡᠮᠳᠡᠭ ᠢ ᠡᠭᠦᠳᠬᠦ ᠪᠠᠷ ᠬᠠᠷᠠᠯᠲᠠ ᠪᠠᠨ ᠪᠣᠯᠭᠠᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ︽ᠨᠢᠭᠡ | ᠰᠦᠯᠵᠢᠶ᠎ᠡ ᠪᠠᠷ ᠬᠦᠢᠴᠡᠳᠭᠡᠭᠦ︾᠂ ︽ᠠᠯᠠᠭᠠᠨ ᠳᠡᠭᠡᠷ᠎ᠡ ᠬᠦᠢᠴᠡᠳᠭᠡᠭᠦ︾᠂ ︽ᠨᠢᠭᠡ ᠯᠡ ᠤᠳᠠᠭ᠎ᠠ ᠳᠤ ᠬᠦᠢᠴᠡᠳᠭᠡᠭᠦ︾᠂ ︽ᠲᠠᠨ ᠢ ᠬᠠᠪᠰᠤᠷᠤᠨ | ᠬᠦᠢᠴᠡᠳᠭᠡᠭᠦ︾ ᠵᠡᠷᠭᠡ ᠠᠵᠢᠯ ᠢ ᠲᠦᠷᠭᠡᠳᠬᠡᠨ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ᠂ ᠠᠷᠠᠳ ᠤᠨ ᠲᠥᠯᠥᠭᠡ | ᠪᠣᠳᠣᠯᠬᠢᠯᠠᠬᠤ᠂ ᠦᠨᠡᠨ ᠰᠡᠳᠬᠢᠯ ᠠᠴᠠ ᠪᠠᠨ ᠠᠷᠠᠳ ᠲᠤ ᠠᠰᠢᠭ ᠬᠦᠷᠲᠡᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠶ ᠪᠣᠯᠭᠠᠪᠠ᠃ | ᠣᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠠᠭᠠᠳ ᠢ ᠠᠷᠢᠯᠭᠠᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ | ᠨᠢᠭᠡ ᠰᠦᠯᠵᠢᠶ᠎ᠡ ᠪᠠᠷ ᠬᠦᠢᠴᠡᠳᠭᠡᠭᠦ︾ ᠶᠢ ᠠᠬᠢᠭᠤᠯᠪᠠ᠃ ᠥᠪᠥᠷ ᠮᠣᠩᠭᠤᠯ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠠᠪᠴᠠᠩ ᠳᠤ ᠲᠦᠰᠢᠭᠯᠡᠨ᠂ ᠬᠡᠷᠡᠭ ᠣᠴᠢᠷ ᠢ ᠰᠦᠯᠵᠢᠶ᠎ᠡ ᠪᠠᠷ ᠬᠦᠢᠴᠡᠳᠭᠡᠵᠦ ᠪᠣᠯᠬᠤ ᠬᠠᠷᠢᠴᠠᠯ ᠢ 97.07 % ᠳᠤ ᠬᠦᠷᠭᠡᠨ᠂ ᠪᠥᠬᠦ ᠶᠠᠪᠤᠴᠠ ᠶᠢ | ᠰᠦᠯᠵᠢᠶ᠎ᠡ ᠪᠠᠷ ᠬᠦᠢᠴᠡᠳᠭᠡᠭᠰᠡᠨ ᠨᠣᠷᠮ᠎ᠠ 53.91 % ᠳᠤ ᠬᠥᠷᠪᠡ᠃ ᠲᠣᠰ ᠬᠤᠰᠢᠭᠤᠨ ᠤ ᠬᠠᠷᠢᠶ᠎ᠠ ᠶᠢᠨ ᠡᠯ᠎ᠡ ᠰᠠᠯᠠᠭ᠎ᠠ ᠮᠥᠴᠢᠷ ᠤᠨ ᠨᠢᠭᠡ | ᠴᠣᠭᠴᠠᠵᠢᠭᠤᠯᠤᠭᠰᠠᠨ ᠲᠠᠪᠴᠠᠩ ᠳᠡᠭᠡᠷ᠎ᠡ ︽ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠭᠦ︾ ᠶᠢ ᠪᠡᠶᠡᠯᠡᠭᠦᠯᠦᠭᠰᠡᠨ ᠲᠤᠭ᠎ᠠ ᠨᠡᠶᠢᠲᠡ 958 ᠪᠠᠶᠢᠵᠤ᠂ | ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠭᠰᠡᠨ ᠲᠤᠭ᠎ᠠ ᠨᠡᠶᠢᠲᠡ 1777 ᠪᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠨᠢᠭᠡ ᠯᠡ ᠳᠡᠭᠡᠷ᠎ᠡ | ᠠᠵᠢᠯ ᠶᠠᠪᠣᠳᠠᠯ ᠢᠶᠠᠨ ᠪᠦᠲᠦᠭᠡᠵᠦ ᠪᠠᠷᠠᠭᠠᠬᠤ ᠪᠣᠯᠪᠠ᠃ | ᠲᠣᠰ ᠲᠣᠪᠴᠢᠶ᠎ᠠ ᠶᠢᠨ ᠬᠢᠨ᠂ ᠵᠠᠭᠪᠤᠷ ᠲᠤ ᠰᠢᠨ᠎ᠡ ᠶᠢ ᠡᠭᠦᠳᠦᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ︽ᠠᠯᠠᠭᠠᠨ ᠳᠡᠭᠡᠷ᠎ᠡ ᠬᠦᠢᠴᠡᠳᠭᠡᠭᠦ︾ ᠶᠢ ᠲᠠᠰ | ᠲᠡᠪᠰᠢᠭᠦᠯᠪᠡ᠃ ︽ᠨᠢᠭᠡ ᠲᠠᠪᠴᠠᠩ᠂ ᠣᠯᠠᠨ ᠠᠷᠭ᠎ᠠ᠂ ᠥᠷᠭᠡᠨ ᠪᠦᠷᠬᠦᠴᠡ︾ ᠶᠢᠨ ᠰᠡᠳᠬᠢᠮᠵᠢ ᠪᠠᠷ᠂ ︽ᠮᠥᠩᠬᠡ ᠰᠤᠪᠠᠭ︾ ᠢ ᠬᠠᠮᠲᠤᠪᠠᠷ ᠪᠠᠶᠢᠭᠤᠯᠵᠤ ᠨᠢᠭᠡ | ᠴᠣᠭᠴᠠᠵᠢᠭᠤᠯᠤᠨ ᠠᠵᠢᠯᠯᠠᠭᠤᠯᠬᠤ ᠶᠢ ᠴᠢᠩᠭᠠᠳᠬᠠᠪᠠ᠃ ᠠᠵᠤ ᠠᠬᠤᠶᠢᠯᠠᠯ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠤᠨ ᠰᠢᠯᠵᠢᠮᠡᠯ ᠦᠵᠦᠭᠦᠷ ᠤᠨ ᠬᠡᠷᠡᠭᠯᠡᠯᠲᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠪᠠ ᠵᠢᠵᠢᠭ ᠫᠷᠤᠭ᠍ᠷᠠᠮ | ︵小程序︶ ᠢ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠲᠤ ᠲᠦᠷᠭᠡᠨ ᠵᠠᠯᠭᠠᠭᠤᠯᠴᠠᠭᠤᠯᠵᠣ᠂ ᠤᠰᠤ᠂ ᠴᠠᠬᠢᠯᠭᠠᠨ᠂ ᠬᠡᠶ ᠬᠠᠩᠭᠠᠬᠤ ᠵᠡᠷᠭᠡ ᠶᠢᠨ | ᠰᠦᠢᠳᠭᠡᠯ ᠲᠣᠰᠢᠶᠠᠬᠤ ᠶᠢ ︽ᠮᠥᠩᠬᠡ ᠰᠤᠪᠠᠭ︾ APP ᠳᠤ ᠣᠷᠣᠭᠤᠯᠣᠨ᠂ ᠠᠷᠠᠳ ᠤᠨ ᠠᠮᠢᠳᠤᠷᠠᠯ ᠤᠨ ᠦᠨᠳᠣᠰᠦᠨ ᠵᠦᠢᠯ ᠢ ᠰᠦᠯᠵᠢᠶᠡᠨ ᠳᠡᠭᠡᠷ᠎ᠡ | ᠪᠡᠶᠡᠯᠡᠬᠦᠯᠬᠦ ᠶᠢ ᠠᠬᠢᠭᠤᠯᠪᠠ᠃ | ᠣᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠥᠪᠯᠡᠷᠡᠭᠦᠯᠦᠨ ᠦᠢᠯᠡᠴᠢᠯᠡᠵᠦ ᠥᠨᠳᠥᠷ ᠪᠦᠲᠦᠮᠵᠢᠲᠡᠶ ᠪᠠᠷ | ᠠᠷᠠᠳ ᠲᠤ ᠲᠥᠬᠦᠮ ᠦᠵᠡᠭᠦᠯᠵᠦ᠂ ︽ᠨᠢᠭᠡ ᠯᠡ ᠤᠳᠠᠭ᠎ᠠ ᠳᠤ ᠬᠦᠢᠴᠡᠳᠭᠡᠭᠦ︾ ᠶᠢ ᠨᠠᠶᠢᠳᠠᠪᠣᠷᠢᠵᠢᠭᠤᠯᠪᠠ᠃ ᠠᠵᠤ ᠠᠬᠤᠶᠢᠯᠠᠯ ᠡᠷᠭᠢᠯᠡᠬᠦ ᠲᠤᠰᠬᠠᠶ ᠴᠣᠩᠬᠤ | ᠪᠠ ᠭᠠᠷ ᠳᠠᠮᠵᠢᠭᠰᠠᠨ ᠬᠡᠷ ᠪᠠᠶᠢᠰᠢᠩ ᠤᠨ ᠠᠷᠠᠯᠵᠢᠶᠠᠨ ᠤ ᠲᠤᠰᠬᠠᠶ ᠴᠣᠩᠬᠤ ᠶᠢ ᠪᠠᠶᠢᠭᠤᠯᠵᠤ ᠬᠦᠢᠴᠡᠳᠭᠡᠭᠦ ᠴᠠᠭ ᠢ ᠪᠣᠭᠤᠨᠢᠰᠬᠠᠪᠠ᠃ ᠰᠠᠶ᠋ᠢ ᠲᠥᠷᠥᠭᠰᠡᠨ | ᠬᠡᠦᠬᠡᠳ ᠤᠨ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ ᠲᠤᠰᠬᠠᠶ ᠪᠤᠯᠤᠩ ᠭᠠᠷᠭᠠᠵᠤ᠂ ᠲᠤᠰᠬᠠᠶ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ | ᠳᠣᠭᠢᠷᠠᠭᠤᠯᠤᠨ᠂ ᠪᠥᠬᠦ ᠶᠠᠪᠤᠴᠠ ᠶᠢ ᠮᠥᠷᠳᠡᠬᠦ ᠦᠢᠯᠡᠴᠢᠯᠡᠭᠡ ᠬᠠᠩᠭᠠᠨ᠂ ᠰᠦᠯᠵᠢᠶᠡᠨ ᠭᠠᠳᠠᠨᠠᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ | ᠲᠠᠰᠤᠷᠠᠯᠲᠠ ᠥᠬᠡᠶ ᠲᠡᠭᠡᠭᠰᠢᠯᠡᠬᠦᠯᠪᠡ᠃ ᠣᠷᠣᠨ ᠪᠦᠰᠡ ᠬᠤᠪᠢᠶᠠᠨ ︽ᠲᠣᠮᠣ ᠶᠡᠷᠦᠩᠬᠡᠶᠢᠯᠡᠭᠰᠡᠨ ᠴᠣᠩᠬᠤ︾ ᠲᠣᠬᠢᠷᠠᠭᠤᠯᠣᠨ᠂ ︽ᠮᠤᠵᠢ ᠠᠯᠤᠰᠯᠠᠨ ᠨᠡᠶᠢᠳᠡᠮ | ᠬᠦᠢᠴᠡᠳᠭᠡᠭᠦ︾᠂ ︽ᠪᠥᠬᠦ ᠬᠤᠲᠠ ᠳᠤ ᠨᠡᠶᠢᠳᠡᠮ ᠬᠦᠢᠴᠡᠳᠭᠡᠭᠦ︾ ᠴᠣᠩᠬᠤ ᠲᠠᠢ ᠭᠦᠨᠵᠡᠭᠡᠶ ᠠᠭᠤᠰᠤᠯᠴᠠᠭᠤᠯᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ | ᠭᠠᠷᠭᠠᠬᠤ︾ ᠦᠢᠯᠡᠴᠢᠯᠡᠬᠡᠨ ᠤ ᠵᠠᠭᠪᠤᠷ ᠢ ᠨᠢᠭᠡᠳᠦᠯᠲᠡᠶ ᠬᠡᠷᠡᠭᠵᠢᠭᠦᠯᠪᠡ᠃ | ᠲᠣᠰ ᠲᠣᠪᠴᠢᠶ᠎ᠠ ᠶᠢᠨ ᠬᠢᠨ ᠪᠠᠰᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ︽ᠲᠠᠨ ᠳᠤ | ᠬᠠᠪᠰᠤᠷᠤᠨ ᠬᠦᠢᠴᠡᠳᠭᠡᠭᠦ︾ ᠦᠢᠯᠡᠴᠢᠯᠡᠭᠡ ᠪᠠᠨ ᠲᠠᠰᠣᠷᠠᠯᠲᠠ ᠦᠭᠡᠢ ᠰᠢᠯᠢᠳᠡᠭᠵᠢᠭᠦᠯᠪᠡ᠃ ᠣᠳᠣᠬᠠᠨ ᠳᠤ᠂ ᠪᠥᠬᠦ ᠬᠤᠰᠢᠭᠤᠨ ᠳᠤ ︽ᠬᠠᠪᠰᠤᠷᠤᠨ | ᠬᠦᠢᠴᠡᠳᠭᠡᠭᠦ︾ ᠴᠣᠩᠬᠤ ᠶᠢ 3 ᠲᠣᠬᠢᠷᠠᠭᠤᠯᠵᠤ᠂ ᠣᠷᠣᠯᠠᠨ ᠬᠦᠢᠴᠡᠳᠭᠡᠵᠦ ᠬᠠᠪᠰᠤᠷᠤᠨ ᠬᠦᠢᠴᠡᠳᠭᠡᠭᠦ 16 ᠠᠵᠢᠯᠲᠠᠨ ᠢ ᠲᠣᠬᠢᠷᠠᠭᠤᠯᠣᠨ᠂ ᠨᠡᠶᠢᠲᠡ 29 | ᠲᠥᠷᠥᠯ ᠵᠦᠢᠯ ᠳᠤ ᠣᠷᠣᠯᠠᠨ ᠬᠦᠢᠴᠡᠳᠭᠡᠵᠦ ᠬᠠᠪᠰᠤᠷᠤᠨ ᠬᠦᠢᠴᠡᠳᠭᠡᠬᠦ ᠦᠢᠯᠡᠴᠢᠯᠡᠭᠡ ᠶᠢ ᠬᠠᠩᠭᠠᠪᠠ︔ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ | ᠦᠢᠯᠡᠴᠢᠯᠡᠭᠡᠨ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠰᠢ ᠤᠷᠲᠤᠳᠬᠠᠬᠤ ᠶᠢ ᠶᠡᠬᠡᠪᠡᠷ ᠲᠦᠯᠬᠢᠨ ᠠᠬᠢᠭᠤᠯᠵᠤ᠂ ᠦᠢᠯᠡᠴᠢᠯᠡᠭᠡᠨ ᠢ ᠭᠡᠷ ᠲᠤ ᠨᠢ | ᠬᠦᠷᠭᠡᠬᠦ ᠶᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ︽ᠬᠠᠪᠰᠤᠷᠤᠨ ᠭᠦᠢᠴᠡᠳᠬᠡᠬᠦ︾ ᠵᠦᠢᠯᠡᠰ ᠢ ᠨᠢᠭᠡᠨᠲᠡ 8 ᠶᠢ ᠬᠡᠷᠡᠭᠵᠢᠭᠦᠯᠪᠡ | ᠃ | 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠠᠯᠠᠮᠰᠢᠯ ᠤᠲᠠᠰᠤ ᠨᠢ ᠵᠠᠰᠠᠭ ᠠᠷᠠᠳ ᠤᠨ ᠰᠡᠳᠬᠢᠯ ᠢᠶᠠᠨ ᠬᠤᠯᠪᠣᠯᠴᠠᠬᠤ ᠬᠥᠭᠦᠷᠭᠡ ᠪᠣᠯᠪᠠ᠃ | ᠬᠠᠯᠠᠮᠰᠢᠯ ᠤᠲᠠᠰᠤ ᠨᠡᠪᠲᠡᠷᠡᠭᠰᠡᠨ ᠠᠴᠠ ᠨᠠᠭᠠᠰᠢ᠂ ᠨᠡᠶᠢᠲᠡ 8608 ᠬᠤᠪᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ | ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100 ᠳᠤ ᠬᠦᠷᠴᠦ᠂ ᠰᠡᠳᠬᠢᠯ ᠬᠠᠨᠤᠮᠵᠢᠲᠠᠶ ᠪᠣᠯᠤᠭᠰᠠᠨ ᠨᠣᠷᠮ᠎ᠠ ᠨᠢ 97 . 4 % ᠳᠤ ᠬᠦᠷᠴᠡᠶ᠃ | ᠣᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠᠷ ᠣᠯᠠᠨ | ᠲᠦᠮᠡᠨ ᠳᠤ ᠠᠰᠢᠭ ᠬᠦᠷᠲᠡᠭᠡᠵᠦ᠂ ︽ᠳᠤᠲᠠᠭᠤ ᠭᠦᠶᠦᠬᠦ︾ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠲᠣᠰ ᠲᠣᠪᠴᠢᠶᠠᠨ ᠤ ᠶᠡᠭᠡ ᠲᠢᠩᠬᠢᠮ ᠳᠤ 32 | ᠪᠠᠶᠢᠭᠤᠯᠭ᠎ᠠ ᠨᠢᠭᠡᠴᠡ᠂ 11 ᠰᠤᠮᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠥᠪ ᠢ ᠪᠠᠶᠢᠭᠤᠯᠵᠤ᠂ 84 ᠭᠠᠴᠠᠭ᠎ᠠ ᠲᠣᠰᠬᠤᠨ᠂ | ᠨᠡᠶᠢᠭᠡᠮ ᠲᠣᠭᠤᠷᠢᠭ ᠲᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠣᠷᠣᠯᠠᠨ ᠬᠦᠢᠴᠡᠳᠭᠡᠬᠦ ᠴᠡᠭ ᠢ ᠪᠠᠶᠢᠭᠤᠯᠵᠤ᠂ ᠠᠵᠢᠯ ᠶᠠᠪᠤᠳᠠᠯ ᠬᠦᠢᠴᠡᠳᠭᠡᠬᠦ | ᠦᠷ᠎ᠡ ᠪᠦᠲᠦᠮᠵᠢ ᠶᠢ ᠬᠠᠮᠤᠭ ᠶᠡᠭᠡ ᠬᠡᠮᠵᠢᠶ᠎ᠡ ᠪᠠᠷ ᠳᠡᠭᠡᠭᠰᠢᠯᠡᠬᠦᠯᠪᠡ᠃ | ᠲᠠᠷᠠᠭᠠᠴᠢ ᠶᠢᠨ ᠠᠯᠬᠤᠮ ᠳᠤ᠂ ᠣᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠢᠯ ᠶᠠᠪᠣᠳᠠᠯ ᠬᠦᠢᠴᠡᠳᠭᠡᠭᠦ ᠭᠤᠭᠴᠤᠭ᠎ᠠ | ᠶᠢ ᠲᠦᠭᠦᠮᠴᠢᠯᠡᠨ᠂ ᠴᠠᠭ ᠤᠨ ᠬᠢᠵᠠᠭᠠᠷ ᠢ ᠪᠠᠭᠠᠰᠬᠠᠵᠤ᠂ ᠵᠠᠷᠤᠳᠠᠯ ᠢ ᠠᠷᠪᠢᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠬᠠᠮᠤᠭ ᠤᠨ ᠶᠡᠭᠡ ᠪᠠᠷ ᠲᠥᠬᠦᠮ | ᠦᠵᠡᠭᠦᠯᠵᠦ᠂ ᠠᠷᠠᠳ ᠣᠯᠠᠨ ᠤ ᠥᠭᠡᠷᠡᠴᠢᠯᠡᠯᠲᠡ ᠶᠢᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠨᠠᠩ ᠰᠢᠯᠢᠳᠡᠭ ᠣᠷᠴᠢᠨ ᠲᠣᠭᠤᠷᠢᠨ ᠢ ᠡᠬᠦᠳᠬᠦ ᠪᠠᠷ ᠪᠠᠶᠢᠨ᠎ᠠ᠃ | |