ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ︽ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2022/1/13
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠳᠤ ︽ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠤᠨ ᠴᠣᠯᠠ ᠣᠯᠭᠤᠪᠠ      ᠣᠶᠢᠷ᠎ᠠ ᠶᠢᠨ ᠵᠢᠯ ᠳᠤ᠂ ᠲᠣᠰ ᠬᠤᠷᠢᠶ᠎ᠠ ᠲᠥᠪ ᠭᠤᠤᠯᠴᠢ ᠪᠠᠷ ᠬᠠᠤᠯᠢ ᠪᠠᠷᠢᠬᠤ᠂ ᠠᠷᠠᠳ ᠤᠨ ᠲᠥᠯᠥᠭᠡ ᠬᠠᠤᠯᠢ ᠪᠠᠷᠢᠬᠤ ᠭᠤᠤᠯ ᠰᠡᠳᠦᠪ ᠤᠨ ᠲᠣᠭᠤᠷᠢᠨ ᠳᠤ᠂ ︽ᠡᠮᠡᠭᠲᠡᠶᠢᠴᠦᠳ ᠬᠡᠦᠬᠡᠳ ᠢ ᠨᠠᠩ ᠰᠠᠶᠢᠨ ᠣᠷᠣᠰᠢᠨ ᠲᠣᠭᠲᠠᠨᠢᠭᠤᠯᠵᠣ ᠬᠦᠭᠵᠢᠭᠦᠯᠬᠦ︾ ᠪᠠᠷ ᠠᠵᠢᠯ ᠤᠨ ᠢᠶᠠᠨ ᠭᠤᠤᠯ ᠰᠢᠵᠢᠮ ᠢᠶᠠᠨ ᠪᠣᠯᠭᠠᠨ᠂ ᠬᠡᠷᠡᠭ ᠪᠣᠯᠭᠠᠨ ᠳᠠᠩᠰᠠᠯᠠᠬᠤ ᠠᠴᠠ ᠰᠢᠭᠦᠨ ᠲᠠᠰᠣᠯᠵᠣ ᠬᠡᠷᠡᠭᠵᠢᠭᠦᠯᠬᠦ ᠵᠢᠴᠢ ᠡᠮᠡᠭᠲᠡᠶᠢᠴᠦᠳ ᠤᠨ ᠬᠤᠯᠪᠣᠭ᠎ᠠ ᠲᠠᠢ ᠬᠠᠷᠢᠯᠴᠠᠬᠤ ᠠᠵᠢᠯ ᠤᠨ ᠰᠢᠨ᠎ᠡ ᠲᠣᠭᠲᠠᠴᠠ ᠶᠢ ᠪᠠᠶᠢᠭᠤᠯᠵᠤ᠂ ᠭᠤᠭᠴᠤᠭ᠎ᠠ ᠨᠢᠭᠡᠪᠦᠷᠢ ᠠᠴᠠ ᠭᠠᠷᠳᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠲᠠᠯ᠎ᠠ ᠪᠠᠷ ᠬᠠᠮᠠᠭᠠᠯᠠᠵᠤ᠂ ᠪᠥᠬᠦ ᠬᠤᠰᠢᠭᠤᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃     ᠲᠣᠰ ᠤᠳᠠᠭ᠎ᠠ ︽ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠲᠡᠷᠢᠭᠦᠨ ᠤ ᠬᠠᠮᠲᠤ︾ ᠪᠠᠷ ᠦᠨᠡᠯᠡᠭᠳᠡᠭᠰᠡᠨ ᠨᠢ ᠣᠷᠠᠳ  ᠤᠨ ᠡᠮᠦᠨᠡᠲᠦ ᠬᠤᠰᠢᠭᠤᠨ ᠤ ᠰᠢᠭᠦᠬᠦ ᠬᠤᠷᠢᠶᠠᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠨᠤᠲᠠᠯᠠᠭᠰᠠᠨ ᠪᠥᠭᠡᠳ ᠲᠣᠰ ᠬᠤᠷᠢᠶᠠᠨ ᠤ ᠢᠷᠡᠭᠡᠳᠦᠶ ᠶᠢᠨ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠱᠠᠭᠠᠷᠳᠠᠭᠰᠠᠨ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠰᠢᠭᠦᠬᠦ  ᠬᠤᠷᠢᠶ᠎ᠠ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠷᠡᠰ ᠰᠢᠭᠤᠷᠬᠠᠶ ᠪᠠᠷ ᠰᠢᠨ᠎ᠡ ᠶᠢ ᠡᠭᠦᠳᠦᠨ ᠤᠷᠤᠭᠰᠢᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠵᠦ᠂ ᠡᠮᠡᠭᠲᠡᠶᠢᠴᠦᠳ ᠬᠡᠦᠬᠡᠳ ᠨᠢᠭᠡᠪᠦᠷᠢ ᠶᠢ ᠲᠥᠪ ᠭᠤᠤᠯᠴᠢ ᠰᠢᠳᠤᠷᠭᠤ ᠶᠣᠰᠣᠨ ᠤ ᠬᠠᠤᠯᠢ ᠪᠠᠷᠢᠬᠤ ᠶᠢ  ᠠᠬᠢᠭᠤᠯᠬᠤ ᠪᠠᠷ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ