ᠣᠷᠠᠳ ᠤᠨ ᠡᠮᠦᠨᠡᠲᠦ ᠬᠤᠰᠢᠭᠤ ᠮᠠᠯᠴᠢᠨ ᠲᠠᠷᠢᠶᠠᠴᠢᠨ ᠤ ᠠᠮᠤᠷ ᠲᠦᠪᠰᠢᠨ ᠤᠤᠭᠤᠬᠤ ᠤᠰᠤ ᠶᠢ  ᠪᠠᠲᠣᠯᠠᠪᠠ
ᠨᠡᠶᠢᠲᠡᠯᠡᠭᠰᠡᠨ ᠴᠠᠭ᠄
2022/1/13
     2021 ᠣᠨ ᠠᠴᠠ ᠨᠠᠭᠠᠰᠢ᠂ ᠣᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠠᠨ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠪᠠ᠃     ᠣᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠣᠷᠢᠳ ᠬᠤᠵᠢᠳ 499 .29 ᠲᠦᠮᠡᠨ ᠲᠥᠭᠦᠷᠢᠭ ᠤᠨ ᠪᠠᠯᠠ ᠣᠷᠣᠭᠤᠯᠣᠨ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ᠃ ᠲᠣᠰ ᠲᠦᠷᠦᠯ ᠵᠦᠢᠯ ᠨᠢ ᠨᠡᠶᠢᠲᠡ 21 ᠤᠰᠤᠨ ᠰᠤᠷᠪᠤᠯᠵᠢ ᠶᠢᠨ ᠭᠠᠵᠠᠷ ᠲᠠᠢ ᠬᠤᠯᠪᠣᠭᠳᠠᠵᠣ ᠪᠣᠢ᠂ ᠡᠭᠦᠨ ᠳᠤ ᠬᠤᠲᠠ ᠪᠠᠯᠭᠠᠰᠤᠨ ᠤ ᠲᠥᠪᠯᠡᠷᠡᠭᠰᠡᠨ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ 1᠂ ᠰᠢᠶᠠᠩ ᠪᠠᠯᠭᠠᠰᠤᠨ ᠤ ᠲᠥᠪᠯᠡᠷᠡᠭᠰᠡᠨ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ 12᠂ ᠬᠥᠳᠡᠭᠡ ᠲᠣᠰᠬᠤᠨ ᠤ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ 8 ᠪᠣᠯᠣᠨ᠎ᠠ᠃ ᠵᠠᠭᠠᠭ ᠱᠣᠭᠤᠮ ᠢ ᠲᠣᠲᠣᠷᠬᠠᠶᠢᠯᠠᠬᠤ ᠲᠡᠮᠳᠡᠭ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠠᠮ ᠬᠠᠷᠢᠯᠴᠠᠭᠠᠨ ᠤ ᠰᠡᠷᠡᠮᠵᠢ ᠶᠢᠨ ᠫᠠᠶᠢᠰᠠ ᠪᠠ ᠬᠢᠨᠠᠨ ᠡᠵᠡᠮᠳᠡᠭᠦᠷ ᠤᠭᠰᠠᠷᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠮᠤᠨᠠ ᠠᠭᠤᠯᠠ ᠪᠠᠯᠭᠠᠰᠤ᠂ ᠪᠠᠶᠠᠨᠬᠤᠸᠠ ᠪᠠᠯᠭᠠᠰᠤ ᠂ ᠰᠢᠶᠠᠨ ᠹᠧᠩ ᠪᠠᠯᠭᠠᠰᠤ ᠵᠡᠷᠭᠡ ᠡᠷᠭᠢᠨ ᠲᠣᠭᠤᠷᠢᠨ ᠤ ᠬᠦᠳᠡᠭᠡ ᠲᠣᠰᠬᠤᠨ ᠤ ᠠᠮᠤᠷ ᠲᠦᠪᠰᠢᠨ ᠢᠶᠠᠷ ᠤᠰᠤ ᠬᠠᠩᠭᠠᠬᠤ ᠴᠢᠳᠠᠪᠤᠷᠢ ᠶᠢ ᠦᠨᠡᠨᠬᠦ ᠳᠡᠭᠡᠭᠰᠢᠯᠡᠬᠦᠯᠦᠨ᠂ ᠬᠥᠳᠡᠭᠡ ᠲᠣᠰᠬᠤᠨ ᠤ 12.45 ᠲᠦᠮᠡᠨ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠢ  ᠪᠠᠲᠣᠯᠠᠪᠠ᠃     ᠲᠣᠰ ᠲᠣᠪᠴᠢᠶ᠎ᠠ ᠤᠤᠭᠤᠬᠤ ᠤᠰᠤᠨ ᠤ ᠠᠮᠤᠷ ᠲᠦᠪᠰᠢᠨ ᠢ ᠪᠠᠲᠣᠯᠠᠭᠰᠠᠨ ᠢᠶᠠᠷ ᠪᠠᠷᠠᠬᠤ ᠦᠭᠡᠢ ᠪᠠᠰᠠ ᠤᠤᠭᠤᠬᠤ ᠤᠰᠤᠨ ᠤ ᠠᠮᠤᠷ ᠲᠦᠪᠰᠢᠨ ᠤ ᠲᠦᠷᠦᠯ ᠵᠦᠢᠯ ᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠴᠢᠩᠭᠠᠳᠬᠠᠪᠠ᠃ 2021 ᠣᠨ ᠳᠤ ᠪᠠᠰᠠ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠰᠡᠯᠪᠢᠨ ᠵᠠᠰᠠᠵᠤ ᠬᠠᠮᠠᠭᠠᠯᠠᠬᠤ ᠲᠦᠷᠦᠯ ᠵᠦᠢᠯ ᠢ ᠬᠡᠷᠡᠭᠵᠢᠭᠦᠯᠵᠣ᠂ ᠪᠥᠬᠦ ᠬᠤᠰᠢᠭᠤᠨ ᠤ 6 ᠮᠢᠩᠭᠠᠨ ᠬᠥᠮᠦᠨ ᠠᠴᠠ ᠳᠡᠭᠡᠭᠰᠢᠬᠢ ᠤᠰᠤᠨ ᠤ ᠦᠢᠯᠡᠳᠪᠦᠷᠢ ᠶᠢᠨ ᠬᠠᠮᠢᠶᠠᠷᠤᠯᠲᠠ ᠶᠢᠨ ᠬᠡᠷ ᠪᠠᠶᠢᠰᠢᠩ ᠢ ᠰᠡᠯᠪᠢᠨ ᠵᠠᠰᠠᠬᠤ᠂ ᠤᠰᠤ ᠴᠡᠪᠡᠷᠰᠢᠭᠦᠯᠬᠦ ᠲᠠᠲᠠᠭᠠᠯ ᠢ ᠰᠡᠯᠪᠢᠨ ᠵᠠᠰᠠᠬᠤ᠂ ᠬᠥᠭᠡᠷᠭᠡ ᠶᠢᠨ ᠬᠡᠷ ᠤᠨ ᠬᠡᠷᠡᠰᠬᠡ ᠶᠢ ᠰᠡᠯᠪᠢᠨ ᠵᠠᠰᠠᠬᠤ᠂ ᠭᠠᠵᠠᠷ ᠳᠤᠤᠷᠠᠬᠢ ᠤᠰᠤ ᠶᠢ ᠰᠡᠷᠭᠡᠶᠢᠯᠡᠨ ᠰᠡᠯᠪᠢᠨ ᠵᠠᠰᠠᠬᠤ᠂ ᠤᠰᠤᠨ ᠰᠤᠷᠪᠤᠯᠵᠢ ᠶᠢᠨ ᠪᠠᠷᠢᠯᠭ᠎ᠠ ᠵᠢᠴᠢ ᠢᠵᠢ ᠪᠥᠷᠢᠳᠦᠭᠦᠯᠬᠦ ᠮᠠᠰᠢᠨ ᠬᠥᠭᠡᠷᠭᠡ ᠶᠢᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠬᠤᠭᠤᠯᠠᠶ ᠶᠢᠨ ᠲᠤᠤᠷ ᠢ ᠪᠤᠯᠠᠵᠤ ᠳᠣᠭᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠂ 5.8 ᠲᠦᠮᠡᠨ ᠬᠥᠳᠡᠭᠡ ᠲᠣᠰᠬᠤᠨ ᠤ ᠬᠥᠮᠦᠨ ᠠᠮᠠ ᠳᠤ ᠠᠰᠢᠭ ᠬᠦᠷᠲᠡᠭᠡᠪᠡ᠃     ᠡᠬᠦᠨ ᠠᠴᠠ ᠭᠠᠳᠠᠨ᠎ᠠ ᠪᠠᠰᠠ 35 ᠲᠦᠮᠡᠨ ᠲᠥᠭᠦᠷᠢᠭ ᠤᠨ ᠪᠠᠯᠠ ᠣᠷᠣᠭᠤᠯᠵᠤ᠂  ᠬᠤᠰᠢᠭᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠬᠤᠰᠢᠭᠤᠨ ᠤ 268 ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠳᠤ ᠴᠥᠮ ᠤᠰᠤᠨ ᠰᠤᠷᠪᠤᠯᠵᠢ ᠶᠢᠨ ᠬᠤᠳᠳᠤᠭ ᠤᠨ ᠤᠰᠤᠨ ᠤ ᠴᠢᠨᠠᠷ ᠢ ᠰᠢᠯᠭᠠᠨ ᠪᠠᠶᠢᠴᠠᠭᠠᠪᠠ᠃ 55 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠰᠢᠭᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠪᠠ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 8500 ᠬᠥᠮᠦᠨ ᠠᠮᠠ ᠠᠰᠢᠭ ᠭᠥᠷᠳᠡᠪᠡ᠃ 420.29 ᠲᠦᠮᠡᠨ ᠲᠥᠭᠦᠷᠢᠭ ᠤᠨ ᠪᠠᠯᠠ ᠣᠷᠣᠭᠤᠯᠵᠤ᠂ 2021 ᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠲᠥᠷᠥᠯ ᠵᠦᠢᠯ ᠤᠨ ᠪᠠᠷᠠᠭᠤᠨ ᠪᠠᠭ᠎ᠠ ᠵᠣᠣ᠂ ᠰᠤᠳᠠᠯ ᠤᠨ ᠶᠦᠩ ᠾᠧ ᠵᠡᠷᠭᠡ 5 ᠭᠠᠵᠠᠷ ᠲᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ ᠤᠰᠤ ᠬᠠᠩᠭᠠᠬᠤ ᠬᠤᠭᠤᠯᠠᠶ ᠳᠡᠪᠢᠰᠬᠦ᠂ ᠤᠰᠤ ᠬᠠᠩᠭᠠᠬᠤ ᠥᠷᠲᠡᠭᠡ ᠪᠠᠶᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠴᠡᠭ ᠪᠠᠶᠢᠭᠤᠯᠬᠤ᠂ ᠤᠰᠤᠨ ᠤ ᠡᠬᠢ ᠰᠤᠷᠪᠤᠯᠵᠢ ᠶᠢᠨ ᠬᠤᠳᠳᠤᠭ ᠪᠠᠶᠢᠰᠢᠩ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ 9800 ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠣᠳᠣᠬᠢ ᠪᠠᠶᠢᠳᠠᠯ ᠢ ᠰᠠᠶᠢᠵᠢᠷᠠᠭᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ