ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/1/17
      1 ᠰᠠᠷ᠎ᠠ ᠶᠢᠨ 8 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠭᠰᠡᠨ ᠪᠥᠭᠡᠳ ᠠᠩᠬᠠᠳᠤᠭᠠᠷ ᠶᠡᠭᠡ ᠬᠤᠷᠠᠯ ᠬᠢᠪᠠ᠃       ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 165 ᠬᠥᠮᠦᠨ ᠪᠠᠶᠢᠵᠤ᠂ ᠪᠣᠳᠠᠲᠠᠶ ᠣᠷᠣᠯᠴᠠᠭᠰᠠᠨ ᠨᠢ 156 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ  ᠨᠡᠶᠢᠴᠡᠪᠡ᠃     ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠦᠪᠡᠳᠡᠭᠰᠢ ᠶᠡᠬᠡᠪᠡᠷ ᠡᠬᠢᠯᠡᠪᠡ      ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤᠶᠤᠯᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪ᠊ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢᠦ ᠵᠢᠶ ᠫᠢᠩ᠂ ᠤᠯᠤᠰ ᠳᠦᠷᠤ ᠶᠢᠨ  ᠵᠦᠪᠯᠡᠯᠭᠡᠨ ᠤ ᠲᠡᠷᠢᠭᠦᠯᠡᠭᠴᠢ ᠬᠤᠪᠢᠰᠬᠠᠯᠲᠤ ᠵᠡᠷᠭᠡ ᠬᠤᠰᠢᠭᠤᠨ ᠤ ᠳᠦᠷᠪᠠ ᠶᠡᠭᠡ ᠪᠠᠭ ᠤᠨ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠭᠠᠵᠠᠷ ᠤᠨ ᠲᠠᠰ ᠤᠨ ᠨᠢᠭᠡᠴᠢ ᠶᠢᠨ ᠤᠳᠤᠷᠢᠳᠤᠯᠭ᠎ᠠ᠂ ᠬᠤᠭᠤᠴᠠᠭ᠎ᠠ ᠪᠦᠷᠢ ᠶᠢᠨ ᠬᠤᠰᠢᠭᠤᠨ ᠤ ᠤᠯᠤᠰ ᠳᠦᠷᠤ ᠶᠢᠨ  ᠵᠦᠪᠯᠡᠯᠭᠡᠨ ᠤ ᠠᠬᠠᠮᠠᠳ ᠤᠳᠤᠷᠢᠳᠤᠯᠭ᠎ᠠ᠂ ᠬᠤᠰᠢᠭᠤᠨ ᠳᠤ ᠰᠠᠭᠤᠭ᠎ᠠ ᠬᠤᠲᠠ ᠶᠢᠨ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠭᠰᠠᠨ ᠪᠦᠭᠡᠳ ᠶᠡᠭᠡ ᠬᠤᠷᠠᠯ ᠤᠨ ᠤᠷᠤᠭᠰᠢᠲᠠᠶ ᠬᠤᠷᠠᠯᠳᠤᠭᠰᠠᠨ ᠳᠤ ᠪᠠᠶᠠᠷ ᠬᠦᠷᠭᠡᠵᠡᠢ᠃  ᠣᠷᠤᠨ᠂ ᠬᠤᠲᠠ ᠬᠤᠶᠠᠷ ᠱᠠᠲᠤᠨ ᠤ ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃     ᠠᠩᠬᠠᠳᠤᠭᠠᠷ  ᠤᠳᠠᠭᠠᠨ ᠤ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ ᠠᠯᠳ᠋ᠬᠠᠠᠭᠤᠯᠠ᠂ ᠪᠠᠢ ᠸᠧᠨ ᠯᠢᠶᠠᠩ᠂ ᠵᠠᠩ ᠶᠤᠸᠠᠢ ᠶᠢᠩ᠂ ᠵᠠᠩ ᠬᠠᠢ ᠴᠢᠩ᠂ ᠭᠡᠷᠡᠯ ᠪᠣᠯᠤᠨ᠎ᠠ᠃ ᠶᠡᠭᠡ ᠬᠤᠷᠠᠯ ᠢ ᠭᠦᠢᠴᠡᠳᠬᠡᠭᠴᠢ ᠲᠡᠷᠢᠭᠦᠯᠡᠭᠴᠢ ᠠᠯᠳ᠋ᠬᠠᠠᠭᠤᠯᠠ  ᠡᠷᠬᠢᠯᠡᠪᠡ᠃     ᠤᠷᠠᠳ ᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠪᠢᠰᠬᠠᠯᠲᠤ ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠠ᠃     ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠳᠥᠷᠪᠡᠨ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠭᠤᠣᠯ ᠰᠡᠳᠦᠪ ᠢ ᠪᠠᠲᠤ ᠡᠵᠡᠮᠰᠢᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠬᠦᠳᠦᠯᠦᠨ ᠳᠠᠭᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠭᠵᠢᠯᠲᠡ ᠶᠢ ᠠᠬᠢᠭᠤᠯᠬᠤ ᠳᠤᠮᠳᠠ ᠢᠳᠡᠪᠬᠢᠲᠡᠢ ᠪᠠᠷ ᠠᠵᠢᠯᠯᠠᠵᠤ᠂ ᠡᠶ᠎ᠡ ᠵᠣᠬᠢᠴᠠᠩᠭᠤᠢ ᠶᠢ ᠠᠬᠢᠭᠤᠯᠬᠤ ᠳᠤᠮᠳᠠ ᠳᠠᠪᠠᠭᠤᠯᠢᠭ ᠢᠶᠠᠨ ᠪᠠᠳᠠᠷᠠᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠡᠢ  ᠭᠡᠪᠡ᠃     ᠮᠡᠳᠡᠭᠦᠯᠦᠯᠲᠡ ᠶᠢᠨ ᠰᠠᠨᠠᠭᠤᠯᠭ᠎ᠠ᠂ ᠬᠤᠶᠢᠰᠢᠳᠠ ᠶᠢᠨ ᠲᠠᠪᠤᠨ ᠵᠢᠯ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠂ ᠥᠨᠳᠥᠷ ᠬᠢᠷᠢ ᠲᠦᠪᠰᠢᠨ ᠢᠶᠠᠷ ᠡᠭᠦᠷᠭᠡ ᠲᠤᠰᠢᠶᠠᠯ ᠢᠶᠠᠨ  ᠭᠦᠢᠴᠡᠳᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠷᠠᠳ ᠤᠨ ᠡᠮᠦᠨᠡᠲᠦ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠣᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠤᠨ᠎ᠠ ᠭᠡᠪᠡ᠃     ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠤᠸᠠᠢ ᠶᠢᠩ ᠶᠡᠭᠡ ᠬᠤᠷᠠᠯ ᠳᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠳᠥᠷᠪᠡᠨ ᠵᠢᠯ ᠤᠨ ᠲᠤᠷᠰᠢ᠂ ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠡᠶᠢᠲᠡ 293 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠳᠡᠮᠵᠢᠨ 228 ᠬᠤᠪᠢ ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠳᠡᠩᠰᠡᠯᠡᠵᠦ᠂ ᠬᠡᠷᠡᠭ ᠪᠣᠯᠭᠠᠨ ᠳᠠᠩᠰᠠᠯᠠᠭᠰᠠᠨ ᠨᠣᠷᠮ᠎ᠠ ᠨᠢ 78% ᠪᠠᠶᠢᠵᠤ᠂ ᠬᠡᠷᠡᠭ ᠪᠣᠯᠭᠠᠨ ᠳᠠᠩᠰᠠᠯᠠᠭᠰᠠᠨ ᠥᠬᠡᠶ ᠰᠠᠨᠠᠯ ᠳᠤᠷᠠᠳᠤᠯᠭ᠎ᠠ ᠶᠢ ᠴᠥᠮ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠪᠣᠯᠭᠠᠨ ᠬᠤᠪᠢᠷᠠᠭᠤᠯᠤᠭᠠᠳ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠪᠡ᠃ 2021 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠤᠢ ᠪᠦᠬᠦᠢ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠬᠠᠷᠢᠭᠤᠯᠲᠠ ᠥᠭᠴᠦ᠂ ᠰᠢᠢᠳᠪᠦᠷᠢᠯᠡᠨ ᠬᠠᠷᠢᠭᠤᠯᠤᠭᠰᠠᠨ ᠨᠤᠷᠮ᠎ᠠ ᠨᠢ 100%᠂ ᠬᠦᠯᠢᠶᠡᠨ ᠠᠪᠤᠭᠰᠠᠨ ᠨᠤᠷᠮ᠎ᠠ ᠨᠢ 90% ᠢ ᠳᠠᠪᠠᠵᠤ᠂ ᠭᠡᠰᠢᠭᠦᠳ ᠤᠨ ᠰᠡᠳᠬᠢᠯ ᠬᠠᠨᠤᠮᠵᠢᠲᠠᠢ ᠪᠠᠶᠢᠬᠤ ᠨᠤᠷᠮ᠎ᠠ ᠨᠢ 100% ᠳᠤ ᠬᠦᠷᠴᠡᠢ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ ᠬᠤᠰᠢᠭᠤᠨ ᠤ ᠨᠠᠮ ᠤᠨ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ  ᠬᠦᠷᠭᠡᠵᠡᠢ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ