ᠲᠡᠳ᠋ ᠬᠤᠰᠢᠭᠤ ᠲᠠᠷᠤᠭ᠎ᠠ ᠵᠠᠩ ᠰᠢᠶᠤᠤ ᠳ᠋ᠦᠩ ᠬᠢᠵᠢᠭ  ᠢ ᠰᠡᠷᠬᠡᠶᠢᠯᠡᠨ ᠡᠵᠡᠮᠳᠡᠬᠦ ᠨᠢᠬᠡᠳᠦᠬᠡᠷ ᠹᠷᠤᠨᠲ ᠬᠤᠷᠢᠭ᠎ᠠ ᠴᠡᠭ ᠲᠤ ᠬᠦᠨᠵᠡᠬᠡᠶᠢᠷᠡᠨ ᠵᠢᠯᠤᠭᠤᠳᠤᠨ ᠪᠠᠶᠢᠴᠠᠭᠠᠪᠠ
ᠨᠡᠶᠢᠲᠡᠯᠡᠭᠰᠡᠨ ᠴᠠᠭ᠄
2022/1/21
    1 ᠰᠠᠷ᠎ᠠ ᠶᠢᠨ 12  ᠤ ᠡᠳᠦᠷ᠂ ᠤᠷᠠᠳ ᠤᠨ ᠡᠮᠦᠨᠡᠳᠦ ᠬᠤᠰᠢᠭᠤᠨ ᠤ ᠲᠡᠳ᠋ ᠬᠤᠰᠢᠭᠤ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠤᠪᠴᠢᠶᠠᠨ ᠲᠠᠷᠤᠭ᠎ᠠ  ᠵᠠᠩ ᠰᠢᠶᠤᠤ ᠳ᠋ᠦᠩ ᠤᠷᠢᠳ ᠬᠤᠵᠢᠳ G6 ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠦᠷᠳᠡᠭᠡ᠂ ᠢ ᠯᠢ ᠬᠠᠳᠤᠨ ᠭᠤᠤᠯ ᠤᠨ ᠶᠡᠭᠡ ᠬᠦᠬᠦᠷᠬᠡ ᠶᠢᠨ ᠰᠦᠢᠳᠬᠡᠯ ᠬᠤᠷᠢᠶᠠᠬᠤ ᠦᠷᠳᠡᠭᠡ ᠵᠡᠷᠭᠡ ᠭᠠᠵᠠᠷ ᠲᠤ ᠬᠦᠷᠴᠦ᠂ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠳᠪᠠ᠃ ᠪᠠᠶᠢᠴᠠᠭᠠᠯᠳᠠ ᠲᠤᠮᠳᠠ ᠵᠠᠩ ᠰᠢᠶᠤᠤ ᠳ᠋ᠦᠩ ᠲᠡᠳ᠋ ᠬᠤᠰᠢᠭᠤ ᠲᠠᠷᠤᠭ᠎ᠠ ᠨᠠᠭᠠᠰᠢ ᠴᠠᠭᠠᠰᠢ ᠶᠠᠪᠤᠬᠤ ᠬᠦᠮᠦᠨ ᠬᠠᠷ᠎ᠠ ᠪᠠ ᠲᠡᠷᠭᠡ ᠤᠨᠤᠭ᠎ᠠ ᠶᠢ ᠲᠠᠩᠰᠠᠯᠠᠬᠤ᠂ ᠭᠠᠳᠠᠨ᠎ᠠ ᠠᠴᠠ ᠤᠷᠤᠵᠤ ᠢᠷᠡᠭᠦ ᠬᠦᠮᠦᠨ ᠢ ᠢᠳᠬᠠᠨ ᠪᠤᠴᠠᠭᠠᠬᠤ᠂ ᠬᠢᠵᠢᠭ ᠢ ᠰᠡᠷᠬᠡᠶᠢᠯᠡᠨ ᠡᠵᠡᠮᠳᠡᠬᠦ ᠠᠵᠢᠯᠳᠠᠨ ᠤ ᠠᠵᠢᠯ ᠤᠨ ᠤᠷᠴᠢᠨ ᠨᠦᠬᠦᠴᠡᠯ᠂ ᠬᠢᠵᠢᠭ ᠢ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠤᠷᠢᠭ᠎ᠠ ᠴᠡᠭ ᠲᠤ ᠵᠢᠵᠢᠬᠦᠷᠯᠡᠬᠦ ᠪᠠᠶᠢᠳᠠᠯ᠂ ᠡᠳ᠋ ᠪᠤᠳᠠᠰ ᠤᠨ ᠪᠠᠳᠤᠯᠠᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠤᠶᠢᠯᠠᠭᠠᠵᠤ᠂ ᠤᠶᠢᠷ᠎ᠠ ᠶᠢᠨ ᠡᠳᠦᠷ ᠦᠨᠳᠦᠷ ᠲᠦᠭᠰᠢᠬᠦᠷᠢᠳᠦ ᠤᠷᠤᠨ ᠠᠴᠠ ᠤᠷᠤᠵᠤ ᠢᠷᠡᠭᠰᠡᠳ ᠢ ᠲᠠᠩᠰᠠᠯᠠᠭᠰᠠᠨ᠂ ᠬᠢᠵᠢᠭ ᠢ ᠰᠡᠷᠬᠡᠶᠢᠯᠡᠨ ᠡᠵᠡᠮᠳᠡᠬᠦ ᠵᠡᠷᠭᠡ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠰᠠᠭᠤᠨ ᠰᠤᠷᠠᠭᠯᠠᠵᠤ᠂ ᠨᠢᠬᠡᠳᠦᠬᠡᠷ ᠹᠷᠤᠨᠲ ᠤᠨ ᠠᠵᠢᠯᠳᠠᠨ ᠤ ᠠᠵᠢᠯ ᠤᠨ ᠪᠠᠶᠢᠷᠢ ᠪᠠᠨ ᠪᠠᠳᠤ ᠰᠠᠬᠢᠵᠤ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠳᠤ ᠪᠦᠬᠦ ᠬᠦᠴᠦ ᠪᠠᠷ ᠢᠶᠠᠨ ᠤᠷᠤᠯᠴᠠᠵᠤ ᠪᠠᠶᠢᠭ᠎ᠠ ᠶᠢ ᠬᠦᠢᠴᠡᠳ ᠨᠤᠳᠠᠯᠠᠵᠠᠢ᠃ ᠵᠠᠩ ᠰᠢᠶᠤᠤ ᠳ᠋ᠦᠩ ᠲᠡᠳ᠋ ᠬᠤᠰᠢᠭᠤ ᠲᠠᠷᠤᠭ᠎ᠠ ᠪᠠᠰᠠ ᠵᠠᠷᠢᠮ ᠬᠢᠵᠢᠭ ᠢ ᠰᠡᠷᠬᠡᠶᠢᠯᠡᠨ ᠡᠵᠡᠮᠳᠡᠬᠦ ᠲᠦᠪᠯᠡᠷᠡᠭᠦᠯᠦᠨ ᠲᠤᠰᠠᠭᠠᠷᠯᠠᠬᠤ ᠴᠡᠭ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠭᠰᠠᠨ ᠪᠤᠳᠠᠳᠤ ᠪᠠᠶᠢᠳᠠᠯ ᠢ ᠰᠤᠭᠤᠴᠠᠨ ᠪᠠᠶᠢᠴᠠᠭᠠᠵᠤ ᠲᠠᠯᠳᠠᠭᠤᠷ ᠰᠤᠷᠪᠤᠯᠵᠢᠯᠠᠪᠠ ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ