1 ᠰᠠᠷ᠎ᠠ ᠶᠢᠨ 20 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 62 ᠬᠥᠮᠦᠨ ᠪᠣᠶ᠂ 56 ᠬᠥᠮᠦᠨ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ︾ ᠢ ᠪᠠᠲᠤᠯᠠᠪᠠ᠃ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠪᠤᠯ ᠱᠢ ᠲᠠᠢ ᠹᠸᠡᠭ᠂ ᠯᠢᠨ ᠱᠤᠤ ᠴᠦᠨ᠂ ᠯᠢ ᠷᠦᠡᠭ ᠰᠢ᠂ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ | ᠶᠠᠨ ᠯᠢᠩ᠂ ᠱᠢ ᠸᠧᠨ ᠰᠢᠤᠸᠠᠢ ᠨᠠᠷ ᠪᠣᠯᠤᠨ᠎ᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯ ᠤᠨ ᠡᠳᠦᠷ ᠤᠨ ᠳᠠᠷᠠᠭᠠᠯᠠᠯ᠂ ᠭᠦᠶ᠋ᠴᠡᠳᠭᠡᠬᠦ ᠲᠡᠷᠢᠭᠦᠯᠡᠭᠴᠢᠳ ᠤᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ | ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠤᠨ ᠲᠤᠬᠠᠶ ᠲᠣᠭᠲᠠᠭᠠᠯ ᠵᠢᠴᠢ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ᠃ | ᠶᠡᠭᠡ ᠬᠤᠷᠠᠯ ᠠᠴᠠ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠢ 2022 ᠣᠨ ᠤ 1 ᠰᠠᠷ᠎ᠠ ᠶᠢᠨ 22 ᠤᠨ ᠡᠳᠦᠷ ᠤᠨ 18 | ᠴᠠᠭ ᠢᠶᠠᠷ ᠲᠣᠭᠲᠠᠭᠠᠪᠠ᠃ | ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠺᠠᠶ ᠶᠢᠨ ᠬᠢᠭᠰᠡᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢᠨ ᠲᠥᠰᠦᠯ ᠤᠨ ᠲᠤᠬᠠᠶ | ᠲᠣᠳᠣᠷᠬᠠᠶᠢᠯᠠᠯᠲᠠ ᠶᠢ ᠰᠣᠨᠣᠰᠴᠤ᠂ ᠪᠠᠲᠤᠯᠠᠭᠰᠠᠨ ᠤ ᠲᠠᠷᠠᠭᠠᠬᠢ ᠰᠣᠩᠭᠤᠭᠤᠯᠢ ᠶᠢᠨ ᠠᠷᠭ᠎ᠠ ᠶᠢᠨ ᠲᠥᠰᠦᠯ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ | ᠲᠠᠷᠬᠠᠭᠠᠵᠤ ᠬᠢᠨᠠᠨ ᠵᠥᠪᠯᠡᠭᠦᠯᠦᠭᠰᠡᠨ ᠤ ᠳᠠᠷᠠᠭ᠎ᠠ᠂ ᠶᠡᠭᠡ ᠬᠤᠷᠠᠯ ᠳᠤ ᠳᠡᠪᠰᠢᠭᠦᠯᠦᠨ ᠪᠠᠲᠤᠯᠠᠭᠤᠯᠬᠤ ᠪᠠᠷ ᠲᠣᠭᠲᠠᠪᠠ᠃ | |