1 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠬᠤᠷᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠯᠦᠸᠧ ᡁᠢ ᠬᠤ᠋᠂ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠵᠢᠴᠢ | ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠵᠠᠶ᠃ | ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠲᠠᠪᠤᠳᠤᠭᠠᠷ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠰᠢᠢᠳᠪᠦᠷᠢ ︵ᠲᠥᠰᠦᠯ︶᠂ ᠤᠯᠤᠰ ᠲᠦᠷᠦ ᠶᠢᠨ | ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠦᠪᠯᠡᠯ ᠤᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ | ︵ᠲᠥᠰᠦᠯ︶᠂ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ | ᠲᠠᠪᠤᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ ︵ᠲᠥᠰᠦᠯ︶᠂ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶᠂ ᠤᠯᠤᠰ ᠲᠦᠷᠦ ᠶᠢᠨ | ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ | ᠰᠤᠩᠭᠤᠭᠤᠯᠢ ᠶᠢᠨ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠦᠰᠦᠯ︶ ᠵᠢᠴᠢ ᠠᠵᠢᠯᠳᠠᠨ ᠤ | ᠶᠠᠪᠤᠳᠠᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ ᠵᠦᠪᠯᠡᠪᠡ᠃ | ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠪᠠᠰᠠ 61 | ᠳ᠋ᠦ᠋ᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠢᠵᠤ᠂ ᠳᠤᠭᠤᠶᠢᠯᠠᠩ ᠤᠨ ᠶᠠᠷᠢᠯᠴᠠᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠲᠣᠰ ᠤᠳᠠᠭ᠎ᠠ ᠶᠢᠨ | ᠬᠤᠷᠠᠯ ᠳᠤ ᠳᠡᠪᠰᠢᠭᠦᠯᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠠᠶᠢᠨ᠎ᠠ᠃ | |