1 ᠰᠠᠷ᠎ᠠ ᠶᠢᠨ 21 ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠪᠣᠣ ᠭᠠᠩ᠂ ᠵᠧᠩ ᠬᠤᠩ ᠹᠠᠨ᠂ | ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠤᠤ ᠺᠠᠩ᠂ ᠬᠤᠸᠠᠩ ᡁᠢ ᠴᠢᠶᠠᠩ᠂ ᠬᠦᠦᠳᠠᠭᠤᠯᠠ᠂ ᠢᠤᠢ ᠯᠢ ᠰᠢᠨ ᠲᠣᠰ ᠪᠦᠷᠢ ᠦᠪᠡᠷ ᠤᠨ ᠪᠠᠶᠢᠭ᠎ᠠ | ᠲᠥᠯᠥᠭᠡᠯᠡᠭᠴᠢᠳ ᠤᠨ ᠪᠦᠯᠬᠦᠮ ᠳᠤ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠪᠡ᠃ | ᠯᠢᠦ ᠱᠤᠸᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠠᠮᠵᠢᠯᠲᠠ ᠪᠦᠲᠦᠮᠵᠢ ᠶᠢ ᠳ᠋ᠦᠩᠨᠡᠬᠦ ᠳᠡᠭᠡᠨ | ᠦᠨᠡᠨ ᠠᠴᠠ ᠵᠥᠪ ᠢ ᠡᠷᠢᠵᠦ᠂ ᠠᠵᠢᠯ ᠢᠶᠠᠨ ᠨᠠᠷᠢᠯᠢᠭ ᠣᠨᠣᠴᠠᠲᠠᠶ ᠪᠣᠳᠠᠲᠠᠶ ᠶᠢ ᠡᠷᠬᠢᠮᠯᠡᠨ ᠪᠠᠶᠢᠷᠢᠯᠠᠭᠤᠯᠵᠤ᠂ ᠢᠲᠡᠭᠡᠯ ᠵᠣᠷᠢᠭ ᠢ ᠬᠥᠪᠴᠢᠯᠡᠵᠤ᠂ ᠡᠷᠴᠢ | ᠬᠦᠴᠦᠨ ᠢ ᠨᠢᠭᠲᠠᠷᠠᠭᠤᠯᠤᠭᠰᠠᠨ ᠰᠠᠶᠢᠨ ᠢᠯᠡᠳᠭᠡᠯ ᠪᠣᠯᠵᠠᠶ᠃ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨ ᠡᠷᠭᠡᠪᠰᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠪᠣᠳᠠᠲᠠᠢ ᠲᠤᠬᠢᠷᠠᠭᠤᠯᠤᠯᠳᠠ ᠶᠢᠨ ᠲᠣᠭᠤᠷᠢᠨ ᠳᠤ᠂ ᠤᠯᠤᠰ | ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠤᠨ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠦᠢᠯᠡᠳᠬᠦ | ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠵᠦ᠂ ᠤᠯᠤᠰ | ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠴᠡᠪᠡᠷᠰᠢᠭᠦᠯᠬᠦ ᠪᠠ ᠰᠡᠷᠭᠦᠭᠡᠨ ᠵᠠᠰᠠᠵᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ ᠭᠡᠪᠡ᠃ | ᠪᠣᠣ ᠭᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠠᠵᠤ᠂ | ᠬᠥᠮᠦᠰ ᠤᠨ ᠰᠡᠳᠭᠢᠯ ᠢ ᠵᠣᠷᠢᠭᠵᠢᠭᠤᠯᠪᠠ᠃ ᠬᠥᠬᠡᠬᠤᠲᠠ ᠶᠢᠨ ᠬᠢᠨ ᠡᠷᠭᠡᠪᠰᠢ ᠱᠢ ᠲᠠᠢ ᠹᠧᠩ ᠱᠦᠵᠢ ᠶᠢᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ | ᠣᠷᠣᠨ ᠤ ᠲᠥᠪ ᠤᠨ ᠠᠵᠤ ᠦᠶ᠋ᠯᠡᠰ ᠤᠨ ᠴᠢᠳᠠᠮᠵᠢ ᠲᠠᠰ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠭᠵᠢᠯᠲᠡ ᠶᠢᠨ ᠰᠠᠭᠤᠷᠢ ᠪᠠᠨ ᠪᠠᠬᠢᠵᠢᠭᠦᠯᠵᠦ᠂ ᠣᠷᠣᠨ ᠤ | ᠲᠥᠪ ᠬᠤᠲᠠ ᠶᠢᠨ ᠴᠢᠳᠠᠮᠵᠢ ᠲᠠᠰ ᠢ ᠳᠡᠭᠡᠭᠰᠢᠯᠡᠭᠦᠯᠦᠨ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠣᠷᠣᠨ ᠤ ᠲᠥᠪ ᠤᠨ ᠠᠶᠤᠯ | ᠲᠦᠭᠰᠢᠭᠦᠷᠢ ᠶᠢ ᠰᠡᠷᠭᠡᠶᠢᠯᠡᠬᠦ ᠴᠢᠳᠠᠮᠵᠢ ᠲᠠᠰ ᠢ ᠳᠡᠭᠡᠭᠰᠢᠯᠡᠭᠦᠯᠦᠨ᠂ ᠬᠥᠭᠵᠢᠯᠲᠡ ᠶᠢᠨ ᠠᠮᠤᠷ ᠲᠦᠪᠰᠢᠨ ᠢ ᠬᠠᠮᠠᠭᠠᠯᠠᠵᠤ᠂ ᠲᠦᠷᠦᠬᠦᠤ ᠤᠯᠠᠷᠢᠯ ᠳᠤ ︽ᠡᠬᠢᠯᠡᠯᠲᠡ | ᠲᠤᠭᠳᠠᠭᠤᠨ︾᠂ ︽ᠡᠬᠢᠯᠡᠯᠲᠡ ᠰᠠᠶᠢᠨ︾ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠪᠡ᠃ | ᠵᠧᠩ ᠬᠤᠩ ᠹᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠤᠨ ᠤᠯᠤᠰ ᠲᠦᠷᠦ ᠶᠢᠨ ᠵᠣᠭᠰᠣᠴᠠ ᠥᠨᠳᠥᠷ | ᠂ ᠬᠠᠷᠠᠯᠲᠠ ᠡᠭᠦᠷᠭᠡ ᠪᠣᠳᠠᠲᠠᠢ᠂ ᠰᠤᠷᠲᠠᠯ ᠤᠨ ᠱᠠᠭᠠᠷᠳᠠᠯᠭ᠎ᠠ ᠴᠢᠩᠭ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠦ ᠪᠣᠳᠠᠲᠠᠢ ᠳᠤ ᠨᠡᠶᠢᠴᠡᠭᠰᠡᠨ᠂ ᠦᠨᠡᠨ ᠢ | ᠪᠠᠷᠢᠮᠲᠠᠯᠠᠵᠤ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠢᠯᠡᠳᠭᠡᠯ ᠪᠣᠯᠵᠠᠢ᠃ ᠬᠥᠯᠥᠨ ᠪᠤᠶᠢᠷ ᠬᠤᠳᠠ ᠶᠢᠨ ᠬᠢᠨ | ᠡᠷᠭᠡᠪᠰᠢ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠨ | ᠬᠥᠭᠵᠢᠯᠲᠡ ᠶᠢ ᠠᠳᠬᠤᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠯᠥᠨ ᠪᠤᠶᠢᠷ ᠤᠨ ᠲᠠᠯ᠎ᠠ ᠨᠤᠲᠤᠭ ᠤᠨ ᠲᠦᠷᠦᠯ ᠲᠡᠮᠳᠡᠭ ᠢ ᠡᠭᠦᠳᠴᠦ᠂ ᠬᠥᠯᠥᠨ | ᠪᠤᠶᠢᠷ ᠤᠨ ᠲᠠᠯ᠎ᠠ ᠨᠤᠲᠤᠭ ᠤᠨ ᠲᠦᠷᠦᠯ ᠲᠡᠮᠳᠡᠭ ᠢ ᠠᠯᠳᠠᠷᠰᠢᠭᠤᠯᠬᠤ ᠬᠡᠷᠡᠭᠲᠡᠢ᠃ ᠰᠣᠶᠣᠯ ᠤᠨ ᠦᠶ᠋ᠯᠡᠰ᠂ ᠤᠬᠠᠭᠤᠯᠭ᠎ᠠ ᠶᠢᠨ ᠦᠶ᠋ᠯᠡᠰ ᠤᠨ ᠬᠥᠭᠵᠢᠯᠲᠡ ᠶᠢᠨ | ᠳᠤᠮᠳᠠ ᠵᠥᠪ ᠲᠠᠯ᠎ᠠ ᠶᠢᠨ ᠤᠬᠠᠭᠤᠯᠭ᠎ᠠ᠂ ᠠᠮᠵᠢᠯᠲᠠ ᠪᠦᠲᠦᠮᠵᠢ ᠶᠢᠨ ᠤᠬᠠᠭᠤᠯᠭ᠎ᠠ ᠶᠢ ᠨᠠᠩ ᠴᠢᠬᠤᠯᠠᠴᠢᠯᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ᠂ ᠯᠠᠪᠳᠠᠭᠤᠨ ᠪᠠᠲᠤᠲᠠᠶ | ᠠᠬᠢᠭᠤᠯᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠳᠦᠷᠢ ᠲᠥᠷᠬᠦ ᠶᠢ ᠳᠡᠭᠡᠭᠰᠢᠯᠡᠭᠦᠯᠬᠦ ᠳᠤ ᠬᠥᠯᠥᠨ ᠪᠤᠶᠢᠷ ᠬᠤᠲᠠ ᠶᠢᠨ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃ | ᠳ᠋ᠢᠩ ᠰᠢᠤ ᠹᠧᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠡᠷᠭᠡᠪᠰᠢ | ᠰᠢᠨ᠎ᠡ ᠨᠢᠭᠡ ᠵᠢᠯ ᠳᠤ ᠶᠡᠭᠡ ᠲᠠᠯ᠎ᠠ ᠶᠢ ᠡᠷᠬᠢᠮᠯᠡᠵᠦ᠂ ᠬᠠᠷᠢᠭᠤᠴᠠᠯᠭ᠎ᠠ ᠡᠬᠦᠷᠭᠡᠯᠡᠯ ᠢ ᠡᠬᠦᠷᠭᠡᠯᠡᠵᠦ᠂ ᠬᠦᠴᠤᠨ ᠢᠶᠠᠨ ᠲᠦᠪᠯᠡᠷᠡᠬᠦᠯᠤᠨ ᠴᠢᠨᠠᠷ ᠰᠠᠶᠢᠲᠠᠢ ᠤᠯᠤᠰ | ᠲᠦᠷᠦ ᠬᠠᠤᠯᠢ ᠴᠠᠭᠠᠵᠠ ᠶᠢᠨ ᠠᠵᠢᠯ ᠢᠶᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠲᠤᠯᠠᠬᠤ ᠳᠤ ᠤᠶᠢᠯᠡᠴᠢᠯᠡᠬᠦ ᠬᠡᠷᠡᠭᠲᠡᠢ᠃ ︽ | ᠬᠤᠷᠢᠳᠤᠭᠠᠷ ᠶᠡᠭᠡ ᠬᠤᠷᠠᠯ ᠢ ᠤᠭᠲᠤᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠬᠤ ᠳᠤ ᠤᠶᠢᠯᠡᠴᠢᠯᠡᠬᠦ︾ ᠶᠡᠭᠡ ᠶᠠᠷᠢᠯᠴᠠᠯᠭ᠎ᠠ ᠶᠢ ᠭᠦᠨᠵᠡᠭᠡᠢ ᠥᠷᠨᠢᠭᠦᠯᠵᠦ᠂ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱᠢᠵᠦ ᠪᠣᠯᠬᠤᠶᠢᠴᠠ | ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠲᠣᠬᠲᠠᠭᠤᠨ ᠨᠡᠮᠡᠭᠲᠡᠯ ᠢ ᠬᠠᠮᠠᠭᠠᠯᠠᠬᠤ ᠶᠢ | ᠠᠵᠢᠯ ᠤᠨ ᠭᠤᠣᠯᠲᠠᠯᠭ᠎ᠠ ᠪᠣᠯᠭᠠᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠬᠠᠤᠯᠢ ᠴᠠᠭᠠᠵᠠ ᠶᠢᠨ ᠲᠦᠷᠦ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠪᠣᠯᠤᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠰᠠᠶᠢᠲᠤᠷ ᠬᠢᠬᠦ | ᠬᠡᠷᠡᠭᠲᠡᠢ ᠭᠡᠪᠡ᠃ | ᠮᠧᠩ ᠰᠢᠶᠠᠨ ᠳ᠋ᠦᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠠᠴᠠ ᠵᠥᠪ ᠢ ᠡᠷᠢᠵᠦ᠂ ᠬᠥᠮᠦᠰ ᠤᠨ ᠵᠣᠷᠢᠬ ᠢ ᠬᠦᠪᠴᠢᠯᠡᠵᠦ᠂ ᠴᠢᠭᠯᠡᠭᠦᠯᠦᠯᠲᠦ ᠴᠢᠨᠠᠷ ᠪᠣᠯᠤᠨ ᠵᠢᠯᠣᠭᠤᠳᠬᠤ | ᠴᠢᠨᠠᠷ ᠢᠶᠠᠷ ᠮᠠᠰᠢ ᠴᠢᠩᠭ᠎ᠠ ᠪᠣᠯᠵᠠᠢ᠃ ᠲᠦᠩᠯᠢᠶᠣᠤ ᠬᠤᠲᠠ ᠶᠢᠨ ᠬᠢᠨ ᠡᠷᠭᠡᠪᠰᠢ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠰᠢᠶ᠋ᠳᠪᠦᠷᠢᠲᠦ ᠳᠠᠶᠢᠯᠠᠯᠳᠤᠭᠠᠨ ᠬᠢᠬᠦ︾ ᠣᠮᠤᠬ ᠰᠥᠰᠥ | ᠪᠣᠯᠣᠨ ᠡᠷᠴᠢ ᠵᠣᠷᠢᠭ ᠢᠶᠠᠷ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠪᠠ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠡᠷᠡᠰ | ᠭᠤᠶᠢᠪᠢᠰᠢ ᠥᠬᠡᠶ ᠠᠬᠢᠭᠤᠯᠵᠤ᠂ ᠲᠥᠷᠥᠯ ᠵᠦᠶ᠋ᠯ ᠤᠨ ᠪᠠᠯᠠ ᠣᠷᠣᠭᠤᠯᠤᠯᠲᠠ ᠶᠢᠨ ᠰᠢᠨᠡᠴᠢᠯᠡᠯᠲᠡ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠰᠠᠶᠢᠲᠤᠷ ᠬᠢᠵᠦ᠂ | ᠠᠵᠤ ᠠᠬᠤᠶ ᠶᠢᠨ ᠡᠷᠭᠢᠯᠳᠠ ᠵᠣᠬᠢᠰᠲᠠᠶ ᠣᠷᠣᠨ ᠵᠠᠶ ᠳᠤ ᠲᠦᠷᠭᠡᠨ ᠪᠤᠴᠠᠬᠤ ᠶᠢ ᠠᠬᠢᠭᠤᠯᠬᠤ ᠭᠡᠷᠡᠭᠳᠠᠢ ᠭᠡᠪᠡ᠃ | ᠶᠠᠩ ᠰᠢᠶᠤᠤ ᠺᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠭᠰᠠᠨ ᠰᠠᠶᠢᠨ ᠢᠯᠡᠳᠭᠡᠯ ᠪᠣᠯᠵᠠᠢ᠃ ᠴᠡᠷᠢᠭ ᠤᠨ | ᠲᠣᠭᠤᠷᠢᠭ ᠤᠨ ᠴᠡᠷᠢᠭ ᠠᠩᠭᠢ ᠶᠢᠨ ᠬᠢᠨ ᠡᠷᠭᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠣᠭᠲᠠᠭᠠᠭᠰᠠᠨ ᠬᠠᠷᠠᠯᠲᠠ | ᠡᠭᠦᠷᠭᠡ ᠶᠢᠨ ᠲᠣᠭᠤᠷᠢᠨ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠤᠨ ᠡᠭᠦᠷᠭᠡ ᠴᠢᠳᠠᠪᠬᠢ ᠪᠠᠨ ᠨᠠᠩ ᠰᠠᠶᠢᠲᠤᠷ | ᠪᠠᠳᠠᠷᠠᠭᠤᠯᠵᠤ᠂ ᠤᠬᠠᠮᠰᠠᠷ ᠠᠴᠠ ᠪᠠᠨ ᠥᠪᠥᠷ ᠮᠣᠩᠭᠤᠯ ᠳᠤ ᠭᠠᠪᠢᠶ᠎ᠠ ᠪᠠᠶᠢᠭᠤᠯᠵᠤ᠂ ᠥᠪᠥᠷ ᠮᠣᠩᠭᠤᠯ ᠳᠤ ᠦᠩᠭᠡ ᠬᠢᠯᠪᠠᠭ᠎ᠠ ᠨᠡᠮᠡᠷᠢᠯᠡᠨ᠂ ᠥᠪᠥᠷ ᠮᠣᠩᠭᠤᠯ ᠢ | ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ | ᠭᠡᠪᠡ᠃ | ᠬᠤᠸᠠᠩ ᡁᠢ ᠴᠢᠶᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠦᠨᠡᠨ ᠠᠴᠠ ᠵᠥᠪ ᠢ ᠡᠷᠢᠵᠦ᠂ | ᠬᠠᠷᠠᠯᠲᠠ ᠰᠢᠨᠵᠢᠯᠡᠬᠦ ᠤᠬᠠᠭᠠᠨᠴᠢ ᠵᠦᠶ ᠵᠣᠬᠢᠰᠲᠠᠢ᠂ ᠡᠭᠦᠷᠭᠡ ᠯᠠᠪᠳᠠᠭᠤᠨ ᠪᠣᠳᠠᠲᠠᠶ ᠪᠣᠯᠵᠠᠢ᠂ ᠲᠠᠷᠠᠭᠠᠴᠢ ᠪᠠᠷ ᠲᠦᠩᠯᠢᠶᠣᠤ ᠬᠤᠲᠠ ᠶᠢᠨ ᠬᠢᠨ ᠲᠣᠭᠲᠠᠭᠤᠨ | ᠪᠠᠶᠢᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠬᠤ ᠬᠡᠷᠡᠭᠲᠡᠶ᠃ ︽ᠲᠦᠷᠭᠡᠨ︾ ᠢᠶᠠᠷ ᠲᠣᠭᠲᠠᠭᠤᠨ ᠢ | ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠯ ᠢ ᠰᠠᠶᠢᠲᠤᠷ ᠠᠳᠬᠤᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠡᠷᠲᠡᠬᠡᠨ ᠠᠵᠢᠯ ᠢᠶᠠᠨ ᠰᠡᠷᠭᠦᠭᠡᠬᠦ ᠶᠢ | ᠠᠬᠢᠭᠤᠯᠬᠤ ᠬᠡᠷᠡᠭᠲᠡᠢ᠃ ︽ᠤᠷᠤᠭᠰᠢᠯᠠᠬᠤ︾ ᠲᠣᠮᠲᠠ ᠲᠣᠬᠲᠠᠭᠤᠨ ᠢ ᠰᠦᠪᠡᠭᠴᠢᠯᠡᠵᠦ᠂ ︽ᠬᠤᠶᠠᠷ ᠰᠠᠭᠤᠷᠢᠨ︾ ᠢ ᠪᠦᠳᠦᠭᠡᠨ ᠪᠠᠶᠢᠭᠤᠯᠬᠤ ᠪᠠᠷ ᠭᠠᠷᠳᠠᠴᠠ | ᠪᠣᠯᠭᠠᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠡᠵᠡᠮᠲᠡᠬᠦ ᠬᠡᠷᠡᠭᠲᠡᠢ᠃ ︽ᠰᠡᠷᠭᠡᠶᠢᠯᠡᠬᠦ︾ ᠪᠠᠷ ᠲᠣᠭᠲᠠᠭᠤᠨ ᠢ ᠪᠠᠲᠤᠯᠠᠵᠤ᠂ | ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠦᠷᠦᠯ ᠵᠦᠢᠯ ᠤᠨ ᠲᠥᠯᠥᠪᠵᠢᠭᠦᠯᠭᠡ ᠪᠠᠨ ᠴᠢᠩᠭᠠᠳᠬᠠᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠳᠤ ᠬᠥᠳᠡᠯᠭᠡᠬᠦ ᠡᠨᠧᠷᠭᠢ ᠬᠤᠷᠠᠮᠳᠤᠭᠤᠯᠵᠤ᠂ ᠰᠠᠭᠤᠷᠢ ᠪᠠᠨ ᠪᠠᠬᠢᠵᠢᠭᠦᠯᠵᠦ᠂ ᠲᠤᠯᠭᠠᠭᠤᠷᠢᠯᠠᠯ ᠢᠶᠠᠨ | ᠴᠢᠩᠭᠠᠳᠬᠠᠬᠤ ᠬᠡᠷᠡᠭᠲᠡᠢ ᠭᠡᠪᠡ᠃ | ᠬᠦᠦᠳᠠᠭᠤᠯᠠ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ | ᠨᠢᠮᠪᠡᠢ ᠲᠦᠯᠦᠪᠯᠡᠵᠦ ᠨᠠᠷᠢᠯᠢᠬ ᠪᠠᠶᠢᠷᠢᠯᠠᠭᠤᠯᠤᠯᠲᠠ ᠬᠢᠪᠠ᠃ ᠪᠥᠬᠦ ᠣᠷᠣᠨ ᠤ ᠨᠢᠭᠡᠳᠦᠮᠡᠯ ᠹᠷᠣᠨᠲ ᠤᠨ ᠬᠢᠨ ᠡᠷᠭᠡᠪᠰᠢ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ︾ ᠶᠢ ᠦᠨᠡᠨ ᠬᠦ | ᠡᠭᠦᠷᠭᠡᠯᠡᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠴᠤᠭᠯᠠᠷᠠᠵᠦ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢᠶᠠᠨ ᠭᠦᠶ᠋ᠴᠡᠳ ᠪᠠᠳᠠᠷᠠᠭᠤᠯᠵᠤ᠂ ᠢᠲᠡᠭᠡᠯ ᠵᠣᠷᠢᠭ ᠢᠶᠠᠨ ᠣᠯᠠᠮ | ᠬᠥᠪᠴᠢᠯᠡᠵᠦ᠂ ᠡᠷᠴᠢ ᠵᠣᠷᠢᠭ ᠢᠶᠠᠨ ᠴᠢᠩᠭᠠᠯᠠᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠴᠢᠨᠠᠷ ᠰᠠᠶᠢᠲᠠᠶ ᠬᠥᠭᠵᠢᠯᠲᠡ ᠳᠤ ᠦᠶ᠋ᠯᠡᠴᠢᠯᠡᠵᠦ᠂ ᠰᠢᠯᠢᠳᠡᠭ | ᠬᠢᠷᠢ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠡ᠃ | ᠢᠤᠢ ᠯᠢ ᠰᠢᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠨᠢ ᠥᠩᠭᠡᠷᠡᠭᠰᠡᠨ ᠨᠢᠭᠡ ᠵᠢᠯ ᠤᠨ ᠠᠵᠢᠯ ᠢᠶᠠᠨ | ᠡᠷᠬᠢᠴᠡᠬᠦᠯᠬᠦ ᠶᠢᠨ ᠬᠠᠮᠲᠤ ᠪᠠᠰᠠ ᠲᠤᠷᠰᠢᠯᠭ᠎ᠠ ᠪᠠᠨ ᠳ᠋ᠦᠩᠨᠡᠵᠦ᠂ ᠵᠢᠮ᠎ᠡ ᠶᠣᠰᠣ ᠶᠢ ᠨᠢ ᠡᠵᠡᠮᠳᠡᠵᠦ᠂ ᠵᠠᠷᠴᠢᠮ ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠠᠰᠢ ᠴᠢᠩᠭ᠎ᠠ | ᠴᠢᠭᠯᠡᠬᠦᠯᠦᠯᠳᠤ ᠴᠢᠨᠠᠷ᠂ ᠵᠢᠯᠣᠭᠤᠳᠬᠤ ᠴᠢᠨᠠᠷ ᠪᠣᠯᠣᠨ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠵᠠᠢ᠃ ᠵᠠᠰᠠᠬ ᠤᠨ ᠣᠷᠲᠣᠨ ᠤ ᠠᠵᠢᠯ ᠤᠨ ᠢᠯᠡᠳᠭᠡᠯ ᠤᠨ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠᠷ | ᠪᠠᠷᠢᠮᠵᠢᠶ᠎ᠠ ᠪᠣᠯᠭᠠᠨ ᠳᠠᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠡᠨᠡ ᠬᠦ ᠭᠤᠤᠯ ᠱᠣᠭᠤᠮ ᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ | ᠭᠡᠪᠡ᠃ | |