1 ᠰᠠᠷ᠎ᠠ ᠶᠢᠨ 23 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 62 ᠬᠥᠮᠦᠨ ᠪᠣᠶ᠂ 59 ᠬᠥᠮᠦᠨ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠠᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠨ ᠱᠤᠤ ᠴᠦᠨ᠂ ᠯᠢ ᠷᠦᠩ ᠰᠢ᠂ ᠵᠠᠩ ᠶᠤᠸᠠᠨ ᠵᠦᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠱᠢ ᠸᠧᠨ | ᠰᠢᠤᠸᠠᠢ ᠬᠤᠷᠠᠯ ᠳᠤ ᠣᠷᠣᠯᠴᠠᠪᠠ᠃ | ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠡᠰᠢᠭᠦᠨ᠂ ᠬᠡᠰᠡᠭ ᠲᠤᠰᠬᠠᠢ ᠵᠥᠪᠯᠡᠯ ᠤᠨ ᠡᠷᠬᠢᠯᠡᠭᠴᠢ ᠭᠡᠰᠢᠭᠦᠨ ᠤ ᠵᠢᠱᠢᠭᠳᠡᠭᠴᠢ ᠶᠢᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠨᠡᠷ᠎ᠡ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠠᠷ ᠵᠢᠱᠢᠭᠳᠡᠭᠴᠢ ᠶᠢᠨ ᠨᠡᠷᠡᠰ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠵᠢᠱᠢᠭᠳᠡᠭᠴᠢ ᠶᠢᠨ ᠨᠡᠷᠡᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢᠶᠠᠷ ᠵᠢᠱᠢᠭᠳᠡᠭᠴᠢ ᠶᠢᠨ ᠨᠡᠷᠡᠰ ᠢ ᠪᠠᠲᠤᠯᠠᠵᠤ᠂ ᠪᠠᠲᠤᠯᠠᠭᠰᠠᠨ ᠤ | ᠳᠠᠷᠠᠭᠠᠬᠢ ᠨᠡᠷᠡᠰ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠵᠥᠪᠳᠡᠯᠴᠡᠭᠦᠯᠦᠨ ᠶᠠᠷᠢᠯᠴᠠᠭᠤᠯᠬᠤ ᠪᠠᠷ ᠲᠣᠭᠲᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ ︵ᠲᠥᠰᠦᠯ︶︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ | ᠡᠷᠬᠢᠯᠡᠭᠴᠢ ᠭᠡᠰᠢᠭᠦᠨ ᠤ ᠨᠡᠷᠡᠰ ︵ᠲᠥᠰᠦᠯ︶︾ ᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠨᠡᠷᠡᠰ ᠤᠨ ᠲᠥᠰᠦᠯ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ | ᠲᠠᠷᠬᠠᠭᠠᠵᠤ ᠬᠢᠨᠠᠨ ᠵᠥᠪᠯᠡᠭᠦᠯᠵᠦ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃ | ᠬᠤᠷᠠᠯ ᠠᠴᠠ ︽ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠤᠰᠬᠠᠶ ᠵᠥᠪᠯᠡᠯ ᠤᠨ ᠡᠷᠬᠢᠯᠡᠭᠴᠢ ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ︵ᠲᠥᠰᠦᠯ︶︾ ᠶᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ | ᠠᠷᠭ᠎ᠠ ᠶᠢᠨ ᠲᠥᠰᠦᠯ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃ | |