ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ | ᠸᠠᠩ ᠵᠢᠶᠦ᠋ᠨ ᠵᠢᠶᠧ | ᠲᠥᠯᠥᠭᠡᠯᠡᠭᠴᠢᠳ ᠡ᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ | ᠲᠡᠭᠦᠨᠴᠢᠯᠠᠨ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ ᠲᠡᠪᠰᠢᠬᠦᠯᠬᠦ ᠶᠢ ᠬᠦᠰᠡᠵᠦ | ᠪᠠᠶᠢᠨ᠎ᠠ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠲᠤᠰ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠭᠰᠠᠨ ᠠᠴᠠ ᠨᠠᠭᠠᠰᠢ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠪᠣᠯᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠲᠠᠪᠰᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠡᠢ᠃ | ︵ᠨᠢᠭᠡ︶ ᠠᠷᠭ᠎ᠠ ᠪᠦᠬᠦᠨ ᠢ ᠰᠦᠪᠡᠭᠴᠢᠯᠡᠨ ᠲᠣᠭᠲᠠᠭᠤᠨ ᠢᠶᠠᠷ ᠠᠵᠢᠯᠯᠠᠵᠤ᠂ ᠬᠥᠭᠵᠢᠯᠲᠡ ᠶᠢ ᠪᠠᠲᠤᠯᠠᠨ᠂ ᠬᠥᠳᠡᠯᠭᠡᠬᠦ ᠬᠦᠴᠦᠨ ᠢ ᠨᠡᠮᠡᠭᠳᠡᠭᠦᠯᠵᠦ᠂ | ᠶᠡᠷᠦᠩᠬᠡᠶᠢᠯᠡᠭᠰᠡᠨ ᠪᠣᠳᠠᠲᠤ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠵᠦ᠂ ᠵᠥᠷᠢᠴᠡᠯ ᠪᠠ ᠠᠶᠤᠯ ᠲᠦᠭᠰᠢᠭᠦᠷᠢ | ᠲᠣᠪᠤᠶᠢᠮ᠎ᠠ᠂ ᠬᠦᠴᠢᠷᠳᠡᠯ ᠥᠷᠢᠰᠥᠯᠳᠦᠭᠡᠨ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠲᠣᠭᠲᠠᠭᠤᠨ ᠪᠠᠶᠢᠬᠤ ᠶᠢᠨ | ᠵᠡᠷᠭᠡ ᠳᠤ ᠰᠠᠶᠢᠵᠢᠷᠠᠬᠤ ᠶᠢ ᠪᠡᠶᠡᠯᠡᠭᠦᠯᠵᠦ᠂ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠴᠥᠮ ᠪᠥᠬᠦ ᠬᠤᠲᠠ ᠶᠢᠨ | ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠲᠡᠭ 2017 ᠣᠨ ᠳᠤ 115.7 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 159 ᠳ᠋ᠦᠩᠰᠢᠭᠤᠷ ᠲᠥᠭᠦᠷᠢᠭ ᠪᠤᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 4.5% ᠪᠠᠷ ᠨᠡᠮᠡᠭᠳᠡᠪᠡ︔ | ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠨᠡᠶᠢᠳᠡ 31.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 3. | 5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 30.8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ | ᠪᠦᠷᠢ ᠳᠤᠮᠳᠠᠴᠢ ᠪᠠᠷ 3.1% ᠪᠠᠷ ᠨᠡᠮᠡᠭᠳᠡᠪᠡ︔ ᠴᠢᠬᠤᠯᠠ ᠶᠡᠭᠡ ᠲᠥᠷᠥᠯ ᠵᠦᠢᠯ ᠢ ᠨᠡᠶᠢᠲᠡ 52 ᠬᠡᠷᠡᠭᠵᠢᠭᠦᠯᠵᠦ᠂ ᠲᠣᠭᠲᠠᠮᠠᠯ ᠡᠳ᠋ ᠬᠥᠷᠥᠩᠭᠡ ᠶᠢᠨ ᠪᠠᠯᠠ | ᠣᠷᠣᠭᠤᠯᠤᠯᠲᠠ ᠶᠢ108.3 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 27695 ᠲᠥᠭᠦᠷᠢᠭ ᠪᠠ 15636 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 34900 ᠲᠥᠭᠦᠷᠢᠭ ᠪᠠ 22700 ᠲᠥᠭᠦᠷᠢᠭ | ᠪᠣᠯᠵᠣ᠂ ᠵᠢᠯ ᠪᠦᠷᠢ ᠳᠤᠮᠳᠠᠴᠢ ᠪᠠᠷ ᠲᠣᠰ ᠲᠣᠰ 6% ᠪᠠ 9.8% ᠪᠠᠷ ᠨᠡᠮᠡᠭᠳᠡᠪᠡ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠵᠠᠰᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠪᠦᠬᠦ ᠬᠦᠴᠦᠨ ᠢᠶᠠᠷ ᠢᠶᠠᠨ ᠠᠳᠬᠤᠵᠤ | ᠂ ᠭᠤᠷᠪᠠᠨ ᠶᠡᠭᠡ ᠪᠤᠭᠤᠮᠳᠠ ᠶᠢ ᠰᠢᠪᠳᠤᠯᠬᠤ ᠲᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ ᠪᠣᠯᠪᠠ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠠᠬᠤ | ᠠᠵᠢᠯ ᠢᠯᠠᠯᠲᠠ ᠲᠠᠢ ᠪᠠᠷ ᠲᠡᠭᠦᠰᠪᠡ᠃ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 10.4 ᠳ᠋ᠦᠩᠰᠢᠭᠤᠷ ᠲᠥᠭᠦᠷᠢᠭ ᠣᠷᠣᠭᠤᠯᠵᠤ᠂ ᠡᠯ᠎ᠡ ᠵᠦᠢᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠳᠠᠩᠰᠠᠯᠠᠨ ᠺᠠᠷᠲ᠋ᠠᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠤ ᠮᠠᠯᠠᠭᠠᠶ ᠶᠢ ᠠᠮᠵᠢᠯᠲᠠ ᠲᠠᠢ ᠪᠠᠷ ᠠᠪᠴᠤ ᠬᠠᠶᠠᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠤᠮᠳᠠᠴᠢ | ᠣᠷᠣᠯᠭ᠎ᠠ 2017 ᠣᠨ ᠤ ᠬᠢ ᠠᠴᠠ 1.5 ᠲᠠᠬᠢᠨ ᠨᠡᠮᠡᠭᠳᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠠᠮᠢ | ᠠᠬᠤᠶ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠪᠦᠬᠦ ᠬᠤᠰᠢᠭᠤᠨ ᠤ ᠬᠦᠴᠦᠨ ᠢᠶᠠᠷ ︽ᠭᠤᠷᠪᠠᠨ ᠠᠭᠤᠯᠠ ᠨᠢᠭᠡ ᠨᠠᠭᠤᠷ︾ ᠤᠨ ᠠᠮᠢ ᠠᠬᠤᠢ ᠶᠢᠨ | ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 25 ᠲᠡᠭᠰᠢ ᠳᠥᠷᠪᠡᠯᠵᠢᠨ ᠺᠢᠯᠣᠮᠧᠲᠷ ᠵᠠᠰᠠᠨ | ᠰᠡᠷᠭᠦᠭᠡᠵᠦ᠂ 140 ᠭᠠᠷᠤᠢ ᠠᠭᠤᠷᠬᠠᠢ ᠶᠢᠨ ᠠᠵᠤ ᠠᠬᠤᠶᠢᠯᠠᠯ ᠢ ᠨᠡᠶᠢᠯᠡᠭᠦᠯᠦᠨ 7 ᠠᠵᠤ ᠠᠬᠤᠶᠢᠯᠠᠯ ᠤᠨ ᠭᠤᠣᠯ ᠴᠣᠭᠴᠠ ᠪᠣᠯᠭᠠᠵᠤ᠂ ᠤᠯᠤᠰ ᠤᠨ ᠲᠡᠰ ᠤᠨ | ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 10 ︵ᠤᠯᠤᠰ ᠤᠨ ᠲᠡᠰ ᠤᠨ 2᠂ ᠥᠪᠡᠷᠲᠡᠭᠡᠨ ᠵᠠᠰᠠᠬᠤ ᠣᠷᠣᠨ ᠤ ᠲᠡᠰ ᠤᠨ | 8︶ ᠶᠢ ᠪᠠᠶᠢᠭᠤᠯᠵᠤ᠂ ᠪᠦᠬᠦ ᠬᠤᠰᠢᠭᠤᠨ ᠤ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠲᠡᠦᠬᠡᠲᠦ ᠴᠢᠨᠠᠷᠲᠠᠢ ᠬᠤᠪᠢᠷᠠᠯᠲᠠ ᠲᠠᠢ ᠪᠣᠯᠪᠠ︔ | ᠣᠯᠢᠶᠠᠰᠣ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠲᠤᠷᠰᠢᠯᠲᠠ ᠶᠢᠨ ᠲᠥᠷᠥᠯ ᠵᠦᠢᠯ ᠢ 24 ᠲᠥᠷᠥᠯ ᠵᠦᠢᠯ ︵32.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ︶ ᠬᠡᠷᠡᠭᠵᠢᠭᠦᠯᠵᠦ᠂ ᠴᠡᠭ | ᠰᠤᠷᠪᠤᠯᠵᠢ ᠶᠢᠨ ᠪᠣᠬᠢᠷᠲᠤᠯ ︽ᠨᠠᠭᠤᠷ ᠲᠤ ᠣᠷᠣᠬᠤ ᠥᠬᠡᠶ︾ ᠪᠠᠶᠢᠬᠤ ᠶᠢ ᠪᠡᠶᠡᠯᠡᠭᠦᠯᠵᠦ᠂ ᠣᠯᠠᠨ ᠡᠬᠢᠳᠤ ᠪᠣᠬᠢᠷᠲᠤᠯ ᠢ ᠪᠦᠲᠦᠮᠵᠢᠲᠡᠶ ᠬᠢᠵᠠᠭᠠᠷᠯᠠᠵᠤ᠂ ᠪᠥᠬᠦ | ᠰᠠᠪᠠ ᠭᠠᠵᠠᠷ ᠤᠨ ᠠᠮᠢ ᠠᠬᠤᠶ ᠶᠢ ᠬᠠᠳᠠᠭᠠᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠬᠠᠳᠤᠨ ᠭᠤᠣᠯ ᠤᠨ ᠭᠤᠣᠯ ᠤᠨ ᠵᠠᠮ ᠵᠢᠴᠢ ᠰᠠᠶᠢᠷᠭᠠᠯ ᠢ | ᠵᠠᠰᠠᠬᠤ ᠶᠢ ᠬᠦᠴᠦᠲᠡᠢ ᠠᠬᠢᠭᠤᠯᠵᠤ᠂ ᠬᠥᠪᠡᠭᠡ ᠳᠠᠭᠠᠤ ᠶᠢᠨ ᠰᠠᠭᠤᠭ᠎ᠠ 193 ᠡᠷᠦᠬᠡ ᠶᠢᠨ ᠭᠡᠷ ᠪᠠᠶᠢᠰᠢᠩ᠂ 104 ᠫᠧᠩ ᠰᠠᠷᠠᠪᠴᠢ ᠶᠢ ᠴᠡᠪᠡᠷᠯᠡᠨ ᠵᠠᠶᠢᠯᠠᠭᠤᠯᠵᠤ | ᠂ ᠬᠠᠲᠤᠨ ᠭᠤᠤᠯ ᠤᠨ ᠦᠶᠡᠷ ᠤᠨ ᠰᠠᠭᠠᠳ ᠥᠬᠡᠶ ᠨᠡᠪᠲᠡᠷᠡᠬᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ | ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ 26 ᠠᠵᠤ ᠠᠬᠤᠶᠢᠯᠠᠯ ᠢ ᠰᠢᠭᠰᠢᠭᠳᠡᠭᠦᠯᠦᠨ ᠴᠡᠭᠴᠡᠯᠡᠨ ᠵᠠᠰᠠᠵᠤ᠂ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠵᠠᠰᠠᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠡᠮᠬᠢ ᠵᠢᠷᠤᠮ ᠲᠠᠢ ᠪᠠᠷ ᠠᠷᠢᠯᠭᠠᠪᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠪᠠ ᠳᠠᠷᠤᠯᠲᠠ ᠶᠢ ᠪᠦᠬᠦ ᠬᠦᠴᠦᠨ ᠢᠶᠠᠷ ᠢᠶᠠᠨ ᠢᠯᠠᠨ ᠳᠠᠪᠠᠵᠤ᠂ | ᠡᠯ᠎ᠡ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 25. | 9 ᠳ᠋ᠦᠩᠰᠢᠭᠤᠷ ᠲᠥᠭᠦᠷᠢᠭ ᠠᠷᠢᠯᠭᠠᠵᠤ᠂ ︽ᠠᠷᠪᠠ ᠶᠢ ᠪᠦᠷᠬᠦᠭᠦᠯᠬᠦ︾ ᠶᠢᠨ ᠲᠡᠦᠬᠡᠨ ᠥᠷᠢ ᠥᠭᠴᠡᠭᠡ ᠪᠠ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ | ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠮᠦᠩᠭᠦ ᠶᠢ ᠴᠠᠭ ᠲᠤᠬᠠᠢ ᠳᠤᠨᠢ ᠲᠥᠯᠥᠵᠦ ᠳᠠᠭᠤᠰᠬᠠᠨ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠲᠣᠭᠲᠠᠭᠤᠨ ᠡᠵᠡᠮᠳᠡᠪᠡ᠃ | ︵ᠭᠤᠷᠪᠠ︶ ᠪᠦᠲᠦᠴᠡ ᠶᠢ ᠲᠣᠬᠢᠷᠠᠭᠤᠯᠬᠤ ᠶᠢ ᠡᠷᠡᠰ ᠭᠤᠶᠢᠪᠢᠰᠢ ᠦᠭᠡᠢ ᠪᠠᠷ ᠬᠢᠵᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠦᠨ᠂ ᠠᠵᠤ ᠦᠢᠯᠡᠰ ᠤᠨ ᠲᠡᠰ ᠳᠡᠪᠰᠢᠬᠦ ᠠᠯᠬᠤᠴᠠ ᠶᠢ ᠲᠦᠷᠭᠡᠳᠬᠡᠪᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠲᠦᠷᠭᠡᠪᠴᠢᠯᠡᠨ | ᠬᠥᠭᠵᠢᠪᠡ᠃ ᠲᠠᠷᠢᠮᠠᠯ ᠤᠨ ᠶᠡᠷᠦᠩᠬᠡᠶ ᠲᠠᠯᠠᠪᠠᠶ 280.3 ᠲᠦᠮᠡᠨ ᠮᠥ ᠳᠤ ᠬᠦᠷᠴᠦ᠂ 2017 ᠣᠨ ᠤ ᠬᠢ ᠠᠴᠠ 21.9 ᠲᠦᠮᠡᠨ ᠮᠥ ᠨᠡᠮᠡᠭᠳᠡᠪᠡ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ 52.8 ᠲᠦᠮᠡᠨ ᠮᠤ᠋᠂ ᠲᠥᠬᠦᠭᠡᠷᠦᠮᠵᠢᠲᠦ ᠲᠠᠷᠢᠶᠠᠯᠠᠩ 2190 ᠮᠤ᠋ ᠰᠢᠨ᠎ᠡ ᠪᠠᠷ ᠨᠡᠮᠡᠭᠳᠡᠵᠦ᠂ ᠲᠠᠷᠢᠶᠠᠯᠠᠩ ᠮᠠᠯ ᠠᠵᠤ ᠠᠬᠤᠢ ᠶᠢᠨ | ᠡᠯ᠎ᠡ ᠲᠥᠷᠥᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 33᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ 109 ᠶᠢ ᠪᠠᠶᠢᠭᠤᠯᠵᠤ᠂ ᠤᠶᠤᠨᠲᠤ | ᠲᠠᠷᠢᠶᠠᠯᠠᠩ ᠢ ᠪᠦᠬᠦ ᠬᠤᠲᠠ ᠳᠤ ᠲᠦᠷᠦᠭᠦᠯᠡᠨ ᠡᠬᠢᠯᠡᠭᠦᠯᠵᠦ᠂ ᠪᠦᠬᠦ ᠤᠯᠤᠰ ᠲᠤ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ | ᠮᠧᠬᠠᠨᠢᠭᠵᠢᠭᠰᠠᠨ ᠵᠢᠱᠢᠶ᠎ᠡ ᠦᠵᠡᠭᠦᠯᠬᠦ ᠰᠢᠶᠠᠨ᠂ ᠢᠶᠠᠷ ᠦᠨᠡᠯᠡᠭᠳᠡᠪᠡ᠃ ︽ᠬᠤᠶᠠᠷ ᠪᠦᠲᠦᠭᠡᠭᠳᠡᠬᠦᠨ ᠨᠢᠭᠡ ᠲᠡᠮᠳᠡᠭ︾᠂ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ 70 ᠳᠤ ᠬᠦᠷᠴᠦ᠂ ᠰᠢᠶᠠᠨ ᠹᠧᠩ ᠤᠨ ᠴᠢᠨ᠋ᠸ᠎ᠠ ᠶᠢᠨ ᠬᠠᠷᠮᠠᠭ᠂ ᠾᠸᠢ ᠯᠢᠣ ᠽᠢ ᠶᠢᠨ ᠠᠮᠳᠠᠲᠣ ᠬᠡᠮᠭᠡ᠂ ᠮᠢᠩᠭᠠᠨ ᠤ ᠬᠤᠨᠴᠢᠷ ᠢ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢᠶᠠᠷ ᠮᠠᠭᠠᠳᠯᠠᠨ ᠲᠣᠭᠲᠠᠭᠠᠪᠠ᠃ ᠬᠤᠲᠠ ᠶᠢᠨ ᠲᠠᠰ ᠠᠴᠠ | ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ 38 ᠪᠣᠯᠵᠣ᠂ ᠲᠢᠶᠠᠨ ᠾᠧᠩ᠂ ᠾᠧ ᠰᠢᠩ᠂ ᠱᠦᠸᠧ ᠾᠧ ᠾᠧ ᠵᠡᠷᠭᠡ 3 | ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠤᠯᠪᠣᠭᠠᠲᠤ ᠴᠣᠭᠴᠠ ᠪᠠᠷ ᠦᠨᠡᠯᠡᠭᠳᠡᠪᠡ᠃ ᠠᠵᠤ ᠦᠢᠯᠡᠳᠪᠦᠷᠢ ᠶᠢᠨ ᠠᠵᠤ | ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ | 2017 ᠣᠨ ᠳᠤ 42 ᠪᠠᠶᠢᠭᠰᠠᠨ ᠠᠴᠠ ᠪᠠᠨ ᠨᠡᠮᠡᠭᠳᠡᠭᠡᠳ 68 ᠪᠣᠯᠵᠣ᠂ ᠦᠢᠯᠡᠳᠬᠦᠨ ᠤ ᠥᠷᠲᠡᠭ 95.6 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ | ᠨᠡᠮᠡᠭᠳᠡᠭᠡᠳ 200 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 5.4 % ᠪᠠᠷ ᠨᠡᠮᠡᠭᠳᠡᠵᠦ᠂ | ᠵᠢᠯ ᠤᠨ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ 4 ᠪᠣᠯᠪᠠ᠃ ᠤᠯᠠᠮᠵᠢᠯᠠᠯᠲᠤ ᠠᠵᠤ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠲᠥᠷᠥᠯ ᠵᠦᠢᠯ ᠢ 15 ᠶᠢ ᠬᠡᠷᠡᠭᠵᠢᠭᠦᠯᠵᠦ᠂ 1.2 ᠲᠦᠮᠡᠨ ᠲᠣᠨ ᠤ ᠣᠯᠠᠨ ᠲᠠᠯᠠᠰᠲᠤ ᠴᠠᠬᠢᠭᠤᠷ᠂ 3. | 2 ᠲᠦᠮᠡᠨ ᠲᠣᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ 2 ᠲᠦᠮᠡᠨ ᠲᠣᠨ ᠤ ᠬᠢᠲᠠᠳ ᠡᠮ ᠤᠨ ᠮᠠᠲ᠋ᠧᠷᠢᠶᠠᠯ ᠢ ᠪᠣᠯᠪᠠᠰᠤᠷᠠᠭᠤᠯᠬᠤ ᠵᠡᠷᠭᠡ ᠨᠢᠭᠡ ᠪᠦᠯᠦᠭ | ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ | 23.6 ᠲᠦᠮᠡᠨ ᠬᠢᠯᠦᠸᠠᠲ ᠲᠤ ᠬᠦᠷᠴᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠡᠳᠦᠷ ᠲᠤ ᠰᠢᠢᠳᠪᠦᠷᠢᠯᠡᠬᠦ ᠴᠢᠳᠠᠪᠤᠷᠢ 196 ᠲᠦᠮᠡᠨ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠤᠯᠤᠰ ᠠᠴᠠ ᠬᠤᠶᠠᠳᠤᠭᠠᠷ ᠪᠦᠯᠦᠭ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢᠶᠠᠷ ᠦᠨᠡᠯᠡᠪᠡ᠃ ᠬᠦᠷᠢᠶᠡᠯᠡᠩ ᠲᠣᠭᠤᠷᠢᠭ ᠠᠴᠠ ︽ᠨᠢᠭᠡ ᠲᠣᠭᠤᠷᠢᠭ ᠭᠤᠷᠪᠠᠨ ᠬᠦᠷᠢᠶᠡᠯᠡᠩ︾ ᠢ ᠨᠢᠭᠡᠳᠦᠯᠲᠡᠢ ᠳᠤ ᠲᠥᠯᠥᠪᠵᠢᠭᠦᠯᠦᠨ ᠬᠠᠮᠢᠶᠠᠷᠬᠤ ᠶᠢ | ᠪᠡᠶᠡᠯᠡᠭᠦᠯᠵᠦ᠂ ᠵᠠᠮ᠂ ᠬᠤᠭᠤᠯᠠᠢ ᠶᠢᠨ ᠲᠣᠣᠷ᠂ ᠴᠠᠬᠢᠯᠭᠠᠨ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠲᠥᠷᠥᠯ ᠵᠦᠢᠯ ᠤᠨ | ᠳᠠᠭᠠᠭᠠᠴᠠ ᠪᠠ ᠠᠵᠤ ᠦᠢᠯᠡᠰ ᠤᠨ ᠲᠥᠪᠯᠡᠷᠡᠯ ᠤᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠳᠤᠷᠠᠯ | ᠤᠨ ᠬᠦᠴᠦᠨ ᠨᠡᠮᠡᠭᠳᠡᠪᠡ᠃ ᠣᠯᠢᠶᠠᠰᠣ ᠨᠠᠭᠤᠷ᠂ ᠤᠷᠠᠳ ᠠᠶᠢᠮᠠᠭ ᠵᠡᠷᠭᠡ ᠵᠤᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠨᠠᠩ | ᠲᠡᠭᠦᠯᠳᠡᠷᠵᠢᠵᠦ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ ᠣᠯᠢᠶᠠᠰᠣ ᠨᠠᠭᠤᠷ ᠢ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ ᠵᠡᠷᠭᠡ ᠨᠢ | ᠲᠣᠶᠢᠯ ᠤᠨ ᠶᠡᠭᠡ ᠨᠥᠯᠥᠭᠡᠯᠡᠬᠦ ᠬᠦᠴᠦᠨ ᠲᠠᠢ ᠰᠣᠶᠣᠯ ᠲᠠᠮᠢᠷ ᠤᠨ ᠤᠷᠤᠯᠳᠤᠭᠠᠨ ᠤ ᠨᠡᠷᠡᠲᠦ ᠲᠡᠮᠳᠡᠭ ᠪᠣᠯᠵᠤ᠂ ᠮᠠᠨ ᠤ ᠬᠤᠰᠢᠭᠤ ᠮᠠᠰᠢ ᠬᠦᠷᠢᠶᠡᠯᠡᠯ ᠲᠠᠢ ᠰᠣᠶᠣᠯ | ᠵᠤᠭᠠᠴᠠᠯ ᠤᠨ ᠬᠠᠷᠠᠯᠲᠠᠲᠤ ᠣᠷᠣᠨ ᠢᠶᠠᠷ ᠦᠨᠡᠯᠡᠭᠳᠡᠪᠡ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠥᠷᠨᠢᠨ ᠬᠦᠭᠵᠢᠵᠤ᠂ ᠡᠯᠧᠺᠲᠷᠣᠨ ᠬᠤᠳᠠᠯᠳᠤᠭᠠᠨ ᠤ | ᠠᠷᠠᠯᠵᠢᠶᠠᠨ ᠤ ᠬᠡᠮᠵᠢᠶ᠎ᠡ 2017 ᠣᠨ ᠳᠤ 1.1 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 5.5 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠪᠥᠬᠦ | ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠪᠠ ︽ᠢᠨᠲ᠋ᠧᠷ ᠰᠦᠯᠵᠢᠶ᠎ᠡ +︾ | ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠣᠷᠣᠭᠤᠯᠬᠤ ᠢᠨᠵᠧᠨᠧᠷᠢᠩ ᠤᠨ ᠲᠤᠷᠰᠢᠯᠲᠠ ᠶᠢᠨ ᠰᠢᠶᠠᠨ ᠢᠶᠠᠷ ᠦᠨᠡᠯᠡᠭᠳᠡᠪᠡ᠃ | ︵ᠳᠥᠷᠪᠡ︶ ᠳᠤᠲᠠᠭᠤᠳᠠᠯ ᠢ ᠨᠥᠬᠦᠪᠥᠷᠢᠯᠡᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠰᠠᠭᠤᠷᠢ ᠶᠢ ᠴᠢᠩᠭᠠᠳᠬᠠᠨ᠂ ᠶᠠᠰᠤ ᠴᠢᠨᠠᠷ ᠢ | ᠳᠡᠭᠡᠭᠰᠢᠯᠡᠭᠦᠯᠦᠭᠰᠡᠨ ᠢᠶᠠᠷ ᠬᠤᠲᠠ ᠬᠥᠳᠡᠭᠡ ᠶᠢᠨ ᠳᠦᠷᠰᠦ ᠪᠠᠶᠢᠳᠠᠯ ᠡᠳᠦᠷ ᠢᠷᠡᠬᠦᠶ᠎ᠡ ᠰᠠᠶᠢᠵᠢᠷᠠᠪᠠ᠃ ᠬᠤᠲᠠ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠣ᠂ ᠬᠤᠳᠠ ᠲᠣᠭᠤᠷᠢᠭ ᠤᠨ ᠵᠠᠮ ᠢ 6.9 ᠺᠢᠯᠣᠮᠧᠲᠷ᠂ ᠡᠯ᠎ᠡ ᠲᠥᠷᠥᠯ ᠤᠨ ᠬᠤᠭᠤᠯᠠᠢ ᠶᠢᠨ | ᠲᠣᠣᠷ ᠢ 104.4 ᠺᠢᠯᠣᠮᠧᠲᠷ ᠰᠢᠨ᠎ᠡ ᠪᠠᠷ ᠦᠭᠡᠷᠡᠴᠢᠯᠡᠨ ᠵᠠᠰᠠᠵᠤ᠂ ᠬᠤᠳᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ | ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠬᠤᠳᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠨᠤᠷᠮ᠎ᠠ ᠶᠢ 91.4% ᠳᠤ ᠬᠥᠷᠥᠬᠦᠯᠵᠤ᠂ ᠤᠰᠤ ᠪᠠᠷ | ᠴᠡᠪᠡᠷᠰᠢᠭᠦᠯᠬᠦ ᠨᠡᠶᠢᠲᠡ ᠶᠢᠨ ᠵᠣᠷᠯᠣᠩ ᠤᠨ ᠪᠦᠷᠬᠦᠴᠡ ᠶᠢᠨ ᠨᠤᠷᠮ᠎ᠠ ᠶᠢ 64 % ᠳᠤ ᠬᠥᠷᠥᠬᠦᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠪᠥᠬᠦ | ᠲᠠᠯ᠎ᠠ ᠪᠠᠷ ᠡᠬᠢᠯᠡᠨ ᠬᠡᠷᠡᠭᠯᠡᠵᠦ᠂ ᠬᠤᠳᠠ ᠳᠤ ᠤᠰᠤᠲᠤᠬᠤ᠂ ᠬᠤᠲᠠ ᠶᠢᠨ ᠵᠠᠮ ᠢᠶᠠᠷ ᠨᠡᠪᠲᠡᠷᠡᠬᠦ᠂ ᠢᠯᠴᠢ ᠬᠠᠩᠭᠠᠬᠤ ᠶᠠᠰᠤ ᠴᠢᠨᠠᠷ ᠵᠡᠷᠭᠡ ᠤᠯᠠᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠭᠰᠡᠨ ᠲᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠨᠡᠭᠡᠭᠡᠨ ᠬᠦᠭᠵᠢᠭᠦᠯᠬᠦ ᠬᠤᠳᠠᠯᠳᠣᠭᠠᠴᠢᠨ 14 | ᠰᠠᠭᠤᠭᠠᠯᠢ ᠲᠣᠭᠤᠷᠢᠭ ᠲᠤ ᠰᠠᠭᠤᠷᠢᠰᠢᠵᠤ᠂ 61 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ 1480 ᠢᠵᠢ ᠪᠣᠷᠣ ᠬᠡᠷᠲᠣ ᠣᠷᠣᠨ ᠤ | ᠣᠷᠣᠨ ᠰᠠᠭᠤᠴᠠ᠂ 1760 ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠵᠦ᠂ ᠬᠤᠲᠠ ᠪᠠᠯᠭᠠᠰᠤᠵᠢᠯᠲᠠ ᠶᠢᠨ ᠨᠣᠷᠮ᠎ᠠ 52.9 % ᠳᠤ | ᠬᠦᠷᠴᠦ᠂ 2017 ᠣᠨ ᠤ ᠬᠢ ᠠᠴᠠ 5.5 ᠵᠠᠭᠤᠨ ᠤ ᠬᠤᠪᠢ ᠶᠢᠨ ᠴᠡᠭ ᠪᠠᠷ ᠳᠡᠭᠡᠭᠰᠢᠯᠡᠪᠡ᠃ ᠬᠤᠲᠠ ᠶᠢᠨ ᠳᠦᠷᠢ ᠲᠥᠷᠬᠦ ᠯᠤᠲᠤ ᠶᠡᠭᠡ ᠬᠤᠪᠢᠷᠠᠯᠲᠠ ᠲᠠᠢ | ᠪᠤᠯᠵᠤ᠂ ᠤᠷᠠᠳ ᠰᠣᠶᠣᠯ ᠤᠨ ᠭᠤᠣᠯ ᠰᠡᠳᠣᠪᠲᠣ ᠴᠡᠴᠡᠷᠯᠢᠭ᠂ ᠬᠠᠲᠤᠨ ᠭᠤᠤᠯ ᠤᠨ ᠵᠤᠭᠠᠴᠠᠯ ᠤᠨ ᠴᠡᠴᠡᠷᠯᠢᠭ᠂ ᠰᠡᠬᠡᠭᠡᠲᠡᠨ ᠵᠠᠯᠠᠭᠤᠴᠤᠳ ᠤᠨ ᠵᠤᠭᠠᠴᠠᠯ ᠤᠨ | ᠬᠦᠷᠢᠶᠡᠯᠡᠩ ᠢ ᠪᠠᠶᠢᠭᠤᠯᠤᠨ ᠪᠦᠲᠦᠭᠡᠵᠦ ᠴᠢᠯᠥᠭᠡᠲᠡᠶ ᠲᠠᠯᠪᠢᠨ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7 % ᠳᠤ | ᠬᠦᠷᠴᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 19.9 ᠲᠡᠭᠰᠢ ᠳᠥᠷᠪᠡᠯᠵᠢᠨ ᠮᠧᠲᠷ ᠲᠤ ᠬᠦᠷᠴᠦ᠂ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ | ᠬᠤᠲᠠ ᠪᠠᠷ ᠦᠨᠡᠯᠡᠭᠳᠡᠪᠡ᠃ ᠦᠵᠡᠰᠬᠦᠯᠡᠩᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 571 ᠡᠷᠦᠬᠡ ᠨᠤᠷᠠᠬᠤ | ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ 239 ᠶᠢ ᠬᠡᠷᠡᠭᠵᠢᠭᠦᠯᠵᠦ᠂ ᠪᠠᠯᠭᠠᠰᠤ | ᠲᠣᠰᠬᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 9 ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ 35 ᠶᠢ | ᠪᠠᠶᠢᠭᠤᠯᠵᠤ᠂ ᠠᠷᠢᠭᠤᠨ ᠴᠡᠪᠡᠷ ᠤᠨ ᠵᠣᠷᠯᠣᠩ ᠤᠨ ᠲᠦᠭᠡᠮᠡᠯᠵᠢᠭᠰᠡᠨ ᠨᠣᠷᠮ᠎ᠠ 88.5 % ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ | ᠤᠯᠤᠰ ᠤᠨ ᠬᠥᠳᠡᠭᠡ ᠲᠣᠰᠬᠤᠨ ᠤ ᠠᠷᠢᠭᠤᠨ ᠴᠡᠪᠡᠷ ᠤᠨ ᠠᠵᠢᠯᠯᠠᠭᠠᠨ ᠤ ᠲᠡᠷᠢᠭᠦᠨ ᠤ ᠰᠢᠶᠠᠨ ᠢᠶᠠᠷ ᠦᠨᠡᠯᠡᠭᠳᠡᠪᠡ᠃ ᠪᠤᠭᠤᠲᠤ ᠠᠴᠠ ᠢᠷᠭᠠᠢ ᠬᠦᠷᠬᠦ ᠲᠦᠷᠭᠡᠨ ᠤ | ᠲᠡᠮᠦᠷ ᠵᠠᠮ ᠢ ᠡᠬᠢᠯᠡᠨ ᠪᠠᠶᠢᠭᠤᠯᠵᠤ᠂ 110 ᠤᠯᠤᠰ ᠤᠨ ᠲᠡᠰ ᠤᠨ ᠵᠠᠰᠠᠮᠠᠯ ᠵᠠᠮ ᠢ ᠥᠭᠡᠷᠡᠴᠢᠯᠡᠨ ᠰᠢᠨᠡᠳᠭᠡᠵᠦ᠂ 311 ᠮᠤᠵᠢ ᠶᠢᠨ ᠲᠡᠰ ᠤᠨ ᠵᠠᠰᠠᠮᠠᠯ ᠵᠠᠮ ᠢ | ᠪᠠᠶᠢᠭᠤᠯᠤᠨ ᠲᠡᠷᠭᠡ ᠨᠡᠪᠲᠡᠷᠡᠭᠦᠯᠵᠦ᠂ ᠬᠥᠳᠡᠭᠡ ᠲᠣᠰᠬᠤᠨ ᠤ 421 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ | ᠵᠠᠮ ᠤᠨ ᠲᠣᠣᠷ ᠢ ᠨᠠᠩ ᠲᠡᠭᠦᠯᠳᠡᠷᠵᠢᠬᠦᠯᠪᠡ᠃ | ︵ᠲᠠᠪᠤ︶ ᠤᠷᠳᠤ ᠬᠤᠭᠤᠴᠠᠭ᠎ᠠ ᠪᠠᠷ ᠥᠭᠡᠷᠡᠴᠢᠯᠡᠯᠲᠡ ᠶᠢ ᠠᠳᠬᠤᠵᠤ᠂ ᠨᠡᠭᠡᠭᠡᠯᠳᠡ ᠶᠢ ᠠᠬᠢᠭᠤᠯᠤᠨ᠂ ᠣᠷᠴᠢᠨ ᠠᠬᠤᠶ ᠶᠢ ᠰᠢᠯᠢᠳᠡᠭᠵᠢᠭᠦᠯᠵᠦ᠂ | ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠲᠠᠰᠤᠷᠠᠯᠳᠠ ᠦᠭᠡᠢ ᠴᠢᠩᠭᠠᠷᠠᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠭᠤᠷᠪᠠᠨ ᠵᠦᠢᠯ ᠤᠨ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ᠂ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠠᠷ | ᠪᠡᠶᠡᠯᠡᠭᠦᠯᠵᠦ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ | ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠳᠣᠯᠣᠳᠤᠭᠠᠷ ᠤᠳᠠᠭᠠᠨ ᠤ ᠪᠥᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠵᠢᠴᠢ ᠮᠠᠯᠵᠢᠬᠤ ᠲᠠᠷᠢᠶᠠᠯᠠᠬᠤ | ᠣᠷᠣᠨ ᠤ ᠭᠠᠵᠠᠷ ᠰᠢᠷᠣᠶ᠂ ᠣᠷᠣᠨ ᠰᠠᠭᠤᠴᠠ ᠶᠢᠨ ᠭᠠᠵᠠᠷ ᠤᠨ ᠡᠷᠬᠡ ᠶᠢ ᠨᠤᠲᠠᠯᠠᠨ ᠲᠠᠩᠰᠠᠯᠠᠬᠤ ᠶᠢ ᠠᠮᠵᠢᠯᠲᠠ ᠲᠠᠢ ᠪᠠᠷᠠᠭᠠᠪᠠ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠳᠥᠷᠪᠡᠨ ᠬᠦᠢᠴᠡᠳᠭᠡᠭᠦ︾ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 1429 | ᠵᠦᠢᠯ ᠤᠨ ᠵᠠᠰᠠᠭ ᠤᠨ ᠶᠠᠪᠤᠳᠠᠯ ᠤᠨ ᠵᠦᠢᠯᠡᠰ ᠢ ᠶᠡᠭᠡ ᠲᠢᠩᠬᠢᠮ ᠳᠤ ᠣᠷᠣᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ | ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠵᠦ᠂ ᠬᠦᠢᠴᠡᠳᠭᠡᠭᠦ ᠭᠤᠭᠴᠤᠭ᠎ᠠ ᠶᠢ ᠭᠤᠷᠪᠠᠨ ᠤ ᠬᠤᠶᠠᠷ ᠢᠶᠠᠷ ᠪᠠᠭᠠᠰᠬᠠᠵᠤ᠂ ᠬᠦᠢᠴᠡᠳᠭᠡᠭᠦ ᠴᠠᠭ ᠢ | ᠬᠠᠭᠠᠰ ᠠᠴᠠ ᠳᠡᠭᠡᠭᠰᠢ ᠪᠠᠷ ᠪᠣᠭᠤᠨᠢᠰᠬᠠᠪᠠ᠃ ᠠᠵᠤ ᠠᠬᠤᠶᠢᠯᠠᠯ ᠡᠷᠬᠢᠯᠡᠬᠦ ᠬᠤᠷᠳᠤᠴᠠ ᠶᠢ ᠬᠠᠭᠠᠰ ᠠᠵᠢᠯᠯᠠᠬᠤ ᠡᠳᠦᠷ ᠪᠣᠯᠲᠠᠯ᠎ᠠ ᠲᠦᠷᠭᠡᠳᠬᠡᠵᠦ᠂ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 2.2 ᠲᠦᠮᠡᠨ ᠡᠷᠦᠬᠡ ᠳᠤ ᠬᠦᠷᠴᠦ᠂ 2017 ᠣᠨ ᠤ ᠬᠢ ᠠᠴᠠ 2 ᠲᠠᠬᠢᠨ ᠨᠡᠮᠡᠭᠳᠡᠪᠡ᠃ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠨᠡᠶᠢᠲᠡ 11.2 ᠳ᠋ᠦᠩᠰᠢᠭᠤᠷ | ᠲᠥᠭᠦᠷᠢᠭ ᠤᠨ ᠭᠠᠶᠢᠯᠢ ᠶᠢᠨ ᠰᠦᠢᠳᠬᠡᠯ ᠢ ᠬᠠᠰᠤᠵᠤ ᠬᠡᠯᠳᠣᠷᠡᠭᠦᠯᠦᠨ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 12 . 5 ᠳ᠋ᠦᠩᠰᠢᠭᠤᠷ ᠲᠥᠭᠦᠷᠢᠭ | ᠠᠷᠪᠢᠯᠠᠪᠠ᠃ | ︵ᠵᠢᠷᠭᠤᠭ᠎ᠠ︶ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠪᠣᠳᠠᠲᠤ ᠶᠠᠪᠤᠳᠠᠯ ᠬᠢᠵᠣ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠵᠢᠷᠭᠠᠯ ᠢ | ᠨᠡᠮᠡᠭᠳᠡᠭᠦᠯᠦᠨ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃ ᠬᠢᠵᠠᠭᠠᠷᠲᠠᠶ ᠡᠳ᠋ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠳᠡ 107.5 ᠳ᠋ᠦᠩᠰᠢᠭᠤᠷ ᠲᠥᠭᠦᠷᠢᠭ ᠲᠤ ᠬᠦᠷᠴᠦ᠂ | ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 77% ᠠᠴᠠ ᠳᠡᠭᠡᠭᠰᠢᠬᠢ ᠶᠢ ᠡᠵᠡᠯᠡᠪᠡ᠃ ᠲᠡᠦᠬᠡᠨ ᠳᠤ ᠬᠤᠪᠣᠷ ᠲᠣᠬᠢᠶᠠᠯᠳᠣᠭᠰᠠᠨ ᠰᠢᠷᠦᠭᠦᠨ ᠪᠣᠷᠣᠭᠠᠨ | ᠦᠶᠡᠷ ᠤᠰᠤᠲᠤᠯ ᠤᠨ ᠭᠠᠮᠰᠢᠭ ᠢ ᠪᠦᠬᠦ ᠲᠠᠯ᠎ᠠ ᠪᠠᠷ ᠢᠯᠠᠨ ᠳᠠᠪᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ | ᠪᠠᠲᠤᠯᠠᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ ᠵᠡᠷᠭᠡ ᠶᠢᠨ ᠨᠥᠬᠦᠪᠥᠷᠢ ᠶᠢᠨ | ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠬᠦᠯᠵᠤ᠂ ᠠᠵᠢᠯ ᠲᠠᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠢ ᠪᠣᠯᠭᠠᠬᠤ ᠶᠢ ᠪᠡᠶᠡᠯᠡᠭᠦᠯᠪᠡ᠃ | ᠰᠤᠷᠭᠠᠭᠤᠯᠢ ᠪᠠ ᠬᠡᠦᠬᠡᠳ ᠤᠨ ᠴᠡᠴᠡᠷᠯᠢᠭ 8 ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠰᠣᠷᠣᠭᠴᠢ ᠡᠯᠰᠡᠬᠦ ᠣᠷᠣᠨ ᠪᠠᠶᠢᠷᠢ ᠶᠢ 420 ᠰᠢᠨ᠎ᠡ ᠪᠠᠷ | ᠨᠡᠮᠡᠭᠳᠡᠭᠦᠯᠦᠨ᠂ ᠬᠢᠴᠢᠶᠡᠯ ᠲᠥᠷᠥᠯ ᠤᠨ ᠪᠠᠭᠰᠢ 453 ᠶᠢ ᠨᠥᠬᠦᠪᠥᠷᠢᠯᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠨᠡᠶᠢᠳᠡᠮ | ᠬᠡᠷᠡᠭᠯᠡᠬᠡᠨ ᠤ ᠦᠭᠡ ᠬᠡᠯᠡ ᠥᠰᠥᠭ ᠪᠢᠴᠢᠭ ᠤᠨ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠳᠤ ᠤᠷᠤᠭᠰᠢᠲᠠᠶ ᠬᠢᠷᠢ ᠲᠡᠩᠴᠡᠵᠦ᠂ ᠬᠡᠷ ᠪᠦᠯᠢ ᠪᠠ ᠰᠤᠷᠭᠠᠭᠤᠯᠢ ᠶᠢ ᠨᠡᠶᠢᠲᠡ ᠪᠠᠷ | ᠬᠥᠮᠦᠵᠢᠭᠦᠯᠬᠦ ᠠᠵᠢᠯ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠷᠡᠭᠦᠯ ᠮᠡᠨᠳᠦ ᠶᠢᠨ | ᠪᠠᠶᠢᠴᠠᠭᠠᠯᠲᠠ ᠶᠢᠨ ᠲᠥᠪ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶᠠᠨ ᠤ ᠪᠠᠷᠢᠮᠵᠢᠶᠠᠵᠢᠭᠰᠠᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ | ᠲᠤᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠬᠦᠴᠦᠲᠡᠢ ᠪᠥᠭᠡᠳ ᠪᠦᠲᠦᠮᠵᠢᠲᠡᠢ ᠶᠠᠪᠤᠭᠳᠠᠵᠤ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠭᠠᠵᠠᠷ ᠤᠨ ᠬᠤᠷᠠᠯ ᠢ | ᠠᠮᠵᠢᠯᠲᠠ ᠲᠠᠢ ᠡᠷᠬᠢᠯᠡᠨ ᠬᠤᠷᠠᠯᠳᠣᠪᠠ᠃ ᠰᠣᠶᠣᠯ ᠤᠨ ᠣᠷᠳᠣᠨ᠂ ᠪᠣᠳᠠᠰ ᠤᠨ ᠰᠣᠶᠣᠯ ᠤᠨ ᠦᠪ᠂ ᠨᠣᠮ ᠤᠨ ᠰᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠣᠷᠳᠣᠨ ᠢ ᠪᠠᠶᠢᠭᠤᠯᠤᠨ ᠳᠠᠭᠤᠰᠬᠠᠵᠤ ᠴᠢᠯᠥᠭᠡᠲᠡᠶ ᠪᠣᠯᠭᠠᠪᠠ᠃ ᠤᠯᠠᠭᠠᠨᠮᠥ᠋ᠴᠢᠷ ᠤᠨ ᠠᠭᠤᠳᠠᠮ ᠲᠠᠯᠠᠪᠠᠶ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ | ᠶᠡᠷᠦᠩᠬᠡᠶᠢᠯᠡᠭᠰᠡᠨ ᠴᠢᠨᠠᠷᠲᠠᠶ ᠰᠣᠶᠣᠯ ᠪᠡᠶ᠎ᠡ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠠᠶ ᠶᠢᠨ ᠬᠤᠭᠤᠰᠣᠨ ᠢ ᠨᠥᠬᠦᠪᠥᠷᠢᠯᠡᠪᠡ᠃ ︽ᠲᠠᠪᠤᠨ | ᠨᠣᠲᠤᠭ︾ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ᠪᠠ ︽ᠥᠪᠡᠷᠲᠡᠭᠡᠨ ᠵᠠᠰᠠᠬᠤ | ᠣᠷᠣᠨ ᠤ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ ᠦᠨᠡᠯᠡᠭᠳᠡᠪᠡ᠃ ᠪᠠᠭ᠎ᠠ ᠰᠢᠭᠡᠲᠡᠢ ᠶᠢᠨ ᠴᠢᠨ ᠤᠯᠤᠰ ᠤᠨ ᠣᠷᠳᠣ ᠴᠠᠭᠠᠨ ᠬᠡᠷᠡᠮ ᠤᠨ ᠭᠤᠸᠠᠩ | ᠱᠧᠨ ᠯᠦᠩ ᠤᠨ ᠬᠡᠰᠡᠭ ᠨᠢ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠴᠢᠬᠤᠯᠠ ᠬᠡᠰᠡᠭ ᠲᠤ ᠵᠢᠭᠰᠠᠭᠠᠭᠳᠠᠵᠠᠶ᠃ ᠦᠨᠳᠦᠰᠦᠲᠡᠨ ᠤ | ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠵᠤ᠂ 26 ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ ᠪᠠᠷ | ᠦᠨᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠡᠩ ᠪᠠᠲᠤᠵᠢᠪᠠ᠃ ᠠᠮᠤᠷ ᠠᠮᠤᠭᠤᠯᠠᠩ ᠡᠮᠦᠨᠡᠲᠦ ᠬᠤᠰᠢᠭᠤᠨ ᠤ | ᠪᠠᠶᠢᠭᠤᠯᠤᠯᠲᠠ ᠳᠤᠪᠤᠶᠢᠮ᠎ᠠ ᠦᠷ᠎ᠡ ᠪᠦᠲᠦᠮᠵᠢ ᠣᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠪᠠ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠭᠦᠨᠵᠡᠭᠡᠢ ᠥᠷᠨᠢᠵᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ᠂ ᠠᠶᠤᠯᠭᠦᠢ ᠦᠢᠯᠡᠳᠪᠦᠷᠢᠯᠡᠯ᠂ ᠢᠳᠡᠭᠡᠨ | ᠡᠮ ᠤᠨ ᠵᠦᠢᠯᠡᠰ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ | ᠦᠷᠭᠦᠯᠵᠢᠯᠡᠨ ᠪᠠᠬᠢᠵᠢᠪᠡ᠃ ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠴᠦ ᠠᠵᠤ ᠠᠬᠤᠶ ᠨᠡᠶᠢᠭᠡᠮ ᠤᠨ | ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ | ︵ᠲᠤᠯᠤᠭ᠎ᠠ︶ ᠰᠤᠷᠤᠯᠴᠠᠯᠭ᠎ᠠ᠂ ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠴᠥᠬᠦᠷᠡᠰᠢ ᠦᠭᠡᠢ ᠠᠳᠬᠤᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠭᠦᠢᠴᠡᠳᠬᠡᠵᠦ᠂ ︽ᠬᠤᠶᠠᠷ ᠢ ᠰᠤᠷᠤᠯᠴᠠᠵᠦ ᠨᠢᠭᠡ ᠪᠣᠯᠬᠤ︾ ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠤᠳᠤᠷᠢᠳᠤᠯᠭ᠎ᠠ ᠶᠢ | ᠤᠬᠠᠮᠰᠠᠷ ᠠᠴᠠ ᠪᠠᠨ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠭᠦᠢᠴᠡᠳᠬᠡᠬᠦ | ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠭᠦᠨᠵᠡᠭᠡᠢ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠬᠠᠤᠯᠢ ᠪᠠᠷ ᠵᠠᠰᠠᠬᠤ ᠰᠡᠳᠬᠢᠴᠡ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ | ᠬᠥᠭᠵᠢᠯᠲᠡ ᠶᠢ ᠠᠬᠢᠭᠤᠯᠬᠤ ᠴᠢᠳᠠᠪᠤᠷᠢ ᠢᠯᠡᠳᠲᠡ ᠳᠡᠭᠡᠭᠰᠢᠯᠡᠪᠡ᠃ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠳᠠᠭᠤᠰᠬᠠᠪᠠ᠃ | ᠲᠥᠯᠥᠭᠡᠯᠡᠭᠴᠢᠳ ᠡ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠪᠢᠳᠡ ᠪᠦᠬᠦ | ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠲᠠᠪᠰᠢᠨ ᠣᠷᠣᠪᠠ᠃ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ | ᠲᠡᠦᠬᠡ ᠶᠢᠨ ᠠᠭᠤᠯᠵᠠᠷ ᠵᠢᠯ ᠳᠤ᠂ ᠪᠦᠬᠦ ᠬᠤᠰᠢᠭᠤ ᠪᠠᠷ ᠢᠶᠠᠨ ᠪᠦᠯᠬᠦᠮᠳᠡᠨ ᠨᠢᠭᠡᠳᠴᠦ᠂ ᠬᠦᠴᠢᠷ ᠪᠡᠷᠭᠡ ᠶᠢ ᠢᠯᠡᠨ ᠲᠡᠪᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠥᠷᠢᠴᠡᠯ ᠠᠶᠤᠯ ᠲᠦᠭᠰᠢᠭᠦᠷᠢ ᠤᠯᠠᠨ᠂ ᠡᠳ᠋ ᠤᠨ ᠵᠠᠰᠠᠭ ᠤᠨ | ᠳᠠᠷᠤᠯᠲᠠ ᠶᠡᠭᠡ ᠵᠡᠷᠭᠡ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠴᠢᠷᠮᠠᠶᠢᠨ ᠢᠯᠠᠨ ᠳᠠᠪᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠵᠤ᠂ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠭᠵᠢᠯᠲᠡ ᠶᠢ ᠠᠬᠢᠭᠤᠯᠵᠤ᠂ ᠪᠦᠬᠦ ᠬᠦᠴᠦᠨ ᠪᠦᠬᠦ ᠴᠢᠳᠠᠯ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ | ᠂ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ | ᠪᠡᠶᠡᠯᠡᠭᠦᠯᠦᠭᠰᠡᠨ ᠪᠥᠭᠡᠳ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠴᠤ ᠲᠡᠭᠦᠰ ᠠᠮᠵᠢᠯᠲᠠ ᠲᠠᠢ ᠲᠡᠭᠦᠰᠬᠡᠵᠡᠶ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠪᠠ᠃ ᠬᠠᠲᠤᠨ ᠭᠤᠣᠯ ᠤᠨ | ᠰᠠᠪᠠ ᠭᠠᠵᠠᠷ ᠪᠠ ᠣᠯᠢᠶᠠᠰᠣ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠤ | ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠲᠤᠷᠰᠢᠯᠲᠠ ᠶᠢᠨ | ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠵᠦ᠂ ᠬᠠᠲᠤᠨ ᠭᠤᠣᠯ ᠤᠨ ᠭᠤᠣᠯ ᠤᠨ ᠵᠠᠮ ᠤᠨ ︽ᠬᠤᠶᠠᠷ ᠱᠤᠭᠤᠮ ᠭᠤᠷᠪᠠᠨ ᠣᠷᠣᠨ︾ ᠢ ᠴᠢᠩᠭ᠎ᠠ ᠵᠠᠭᠠᠭᠯᠠᠨ | ᠲᠣᠭᠲᠠᠭᠠᠵᠤ᠂ ᠲᠠᠷᠢᠬᠤ ᠶᠢ ᠴᠠᠭᠠᠵᠠᠯᠠᠨ ᠬᠢᠵᠠᠭᠠᠷᠯᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ | ᠪᠠᠶᠢᠭᠤᠯᠬᠤ ᠠᠰᠠᠭᠤᠳᠠᠯ ᠢ ᠪᠦᠲᠦᠮᠵᠢᠲᠡᠢ ᠴᠡᠭᠴᠡᠯᠡᠪᠡ᠃ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ 6000 ᠮᠦ᠂ | ᠲᠠᠯ᠎ᠠ ᠨᠤᠲᠤᠭ ᠤᠨ ᠠᠮᠢ ᠠᠬᠤᠢ ᠶᠢᠨ ᠰᠡᠷᠭᠦᠭᠡᠯᠲᠡ ᠶᠢ 6 ᠲᠦᠮᠡᠨ ᠮᠦ ᠬᠡᠷᠡᠭᠵᠢᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃ ︽ᠳᠥᠷᠪᠡ ᠶᠢ ᠡᠵᠡᠮᠳᠡᠨ ᠬᠤᠶᠠᠷ ᠢ | ᠡᠬᠢ ᠪᠠᠶᠠᠯᠢᠭᠵᠢᠭᠤᠯᠬᠤ︾ ᠠᠵᠢᠯ ᠤᠨ ᠠᠷᠭ᠎ᠠ ᠪᠠᠷᠢᠯ ᠳᠤ ᠰᠢᠨ᠎ᠡ ᠶᠢ ᠡᠭᠦᠳᠴᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠶ | ᠪᠠᠭᠤᠷᠠᠭᠤᠯᠵᠤ᠂ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ 80 % ᠳᠤ ᠬᠦᠷᠦᠭᠦᠯᠪᠡ᠃ ᠳ᠋ᠠ ᠵᠥᠩ ᠠᠭᠤᠷᠬᠠᠶ ᠶᠢᠨ ᠦᠢᠯᠡᠰ ᠤᠨ | ᠪᠥᠮᠪᠥᠭᠡᠯᠢᠭ ᠪᠦᠯᠬᠦᠮ ᠤᠨ ᠲᠥᠷᠥᠯ ᠵᠦᠢᠯ ᠤᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠠ ᠲᠦᠩ ᠰᠢᠩ ᠠᠭᠤᠷᠬᠠᠶ ᠶᠢᠨ ᠦᠢᠯᠡᠰ ᠤᠨ | ᠦᠯᠡᠳᠡᠭᠳᠡᠯ ᠠᠭᠤᠷᠬᠠᠢ ᠶᠢᠨ ᠬᠥᠮᠥᠷᠭᠡ᠂ ᠠᠭᠤᠷᠬᠠᠢ ᠰᠢᠯᠢᠬᠦ ᠦᠢᠯᠡᠳᠪᠦᠷᠢ ᠶᠢᠨ ᠵᠠᠰᠠᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠬᠦᠯᠵᠤ᠂ ᠪᠤᠭᠤᠲᠤ ᠶᠢᠨ | ᠪᠣᠯᠣᠳ ᠲᠡᠮᠦᠷ ᠤᠨ ᠴᠢᠩ ᠬᠤᠸᠠ᠂ ᠤᠷᠠᠳ ᠴᠠᠬᠢᠯᠭᠠᠨ ᠭᠠᠷᠭᠠᠬᠤ ᠦᠢᠯᠡᠳᠪᠦᠷᠢ ᠶᠢᠨ ᠨᠡᠭᠦᠷᠡᠰᠦᠨ ᠤ ᠲᠠᠯᠠᠪᠠᠶ ᠶᠢᠨ ᠪᠢᠲᠡᠭᠦᠮᠵᠢᠯᠡᠭᠰᠡᠨ ᠬᠥᠮᠥᠷᠭᠡ ᠶᠢᠨ ᠲᠥᠷᠥᠯ | ᠵᠦᠢᠯ ᠢ ᠡᠮᠬᠢ ᠵᠢᠷᠤᠮ ᠲᠠᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠦᠷᠭᠡᠳᠬᠡᠨ ᠴᠡᠭᠴᠡᠯᠡᠨ ᠰᠠᠶᠢᠵᠢᠷᠠᠭᠤᠯᠪᠠ᠃ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠣ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠶᠢ 10% ᠣᠷᠴᠢᠮ ᠪᠠᠭᠤᠷᠠᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠬᠦᠯᠪᠡ᠃ | ᠨᠢᠭᠡ ᠵᠢᠯ ᠤᠨ ᠲᠤᠷᠰᠢ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠭ᠎ᠠ ᠪᠠᠨ ᠲᠦᠷᠭᠡᠳᠬᠡᠨ ᠠᠬᠢᠭᠤᠯᠪᠠ᠃ 1.4 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ᠂ ᠰᠠᠭᠤᠷᠢ ᠲᠥᠬᠦᠭᠡᠷᠦᠮᠵᠢ᠂ ᠣᠰᠣᠨ ᠤ ᠠᠮᠤᠷ ᠲᠦᠪᠰᠢᠨ ᠵᠡᠷᠭᠡ 88 | ᠲᠥᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠬᠥᠳᠡᠯᠦᠩᠭᠦᠶ ᠪᠠᠷ ᠬᠢᠨᠠᠨ ᠬᠡᠮᠵᠢᠬᠦ ᠪᠠ ᠨᠠᠷᠢᠯᠢᠭ ᠣᠨᠣᠪᠴᠢᠲᠠᠶ ᠪᠠᠷ ᠬᠠᠪᠰᠤᠷᠤᠨ ᠲᠡᠳᠬᠦᠵᠦ | ᠳᠠᠬᠢᠨ ᠶᠠᠳᠠᠭᠤᠷᠠᠬᠤ 265 ᠡᠷᠦᠬᠡ ᠶᠢ ᠶᠠᠳᠠᠭᠤ ᠠᠴᠠ ᠠᠩᠬᠢᠵᠢᠷᠠᠭᠤᠯᠵᠣ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠠᠰᠠᠭᠤᠳᠠᠯ ᠢ | ᠪᠦᠲᠦᠮᠵᠢᠲᠡᠶ ᠬᠤᠷᠢᠭᠯᠠᠪᠠ᠃ ᠲᠠᠷᠢᠶᠠᠯᠠᠩ ᠮᠠᠯ ᠠᠵᠤ ᠠᠬᠤᠶ ᠡᠯᠪᠡᠭ ᠬᠤᠷᠢᠶᠠᠯᠲᠠ ᠣᠯᠵᠤ ᠣᠷᠣᠯᠭ᠎ᠠ ᠪᠠᠨ ᠨᠡᠮᠡᠭᠳᠡᠭᠦᠯᠦᠨ᠂ ᠠᠮᠤ ᠪᠤᠳᠠᠭᠠᠨ ᠤ ᠤᠨᠠᠯᠲᠠ 26 | ᠳ᠋ᠦᠩᠰᠢᠭᠤᠷ ᠵᠢᠩ ᠢ ᠳᠠᠪᠠᠵᠤ᠂ ᠠᠷᠠᠴᠢᠯᠠᠨ ᠲᠡᠵᠢᠬᠡᠭᠰᠡᠨ ᠮᠠᠯ ᠤᠨ ᠲᠤᠭ᠎ᠠ 508 ᠲᠦᠮᠨ ᠳᠤ ᠬᠦᠷᠴᠦ᠂ ᠬᠤᠰᠢᠭᠤᠨ ᠤ ᠲᠠᠷᠢᠶᠠᠯᠠᠩ ᠰᠢᠨᠵᠢᠯᠡᠬᠦ ᠤᠬᠠᠭᠠᠨ ᠤ | ᠲᠣᠪᠴᠢᠶ᠎ᠠ ︽ᠪᠥᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠭᠥᠷᠳᠡᠪᠡ᠃ ᠰᠢᠶᠠᠨ ᠹᠧᠩ ᠤᠨ | ᠣᠯᠣᠰ ᠤᠨ ᠪᠠᠷᠢᠮᠵᠢᠶᠠᠲᠤ ᠪᠦᠲᠦᠭᠡᠭᠳᠡᠬᠦᠨ ᠤ ᠲᠦᠮᠡᠨ ᠮᠥ ᠶᠢᠨ ᠤᠨᠴᠠᠯᠢᠭᠳᠤ ᠵᠢᠮᠢᠰ ᠨᠣᠭᠤᠭ᠎ᠠ ᠶᠢᠨ ᠵᠢᠱᠢᠶ᠎ᠡ ᠦᠵᠡᠭᠦᠯᠬᠦ ᠬᠦᠷᠢᠶᠡᠯᠡᠩ᠂ ᠣᠯᠢᠶᠠᠰᠣ ᠨᠠᠭᠤᠷ | ᠤᠨ ᠡᠮᠦᠨ᠎ᠡ ᠡᠷᠭᠢ ᠳᠠᠬᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠵᠡᠷᠭᠡ ᠬᠤᠲᠠ ᠶᠢᠨ ᠲᠠᠰ ᠤᠨ 4 ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠮᠧᠩ ᠨᠢᠦ ᠶᠢᠨ 10 ᠲᠦᠮᠡᠨ ᠰᠠᠭᠠᠯᠢ ᠶᠢᠨ | ᠦᠨᠢᠶᠡᠨ ᠤ ᠳᠡᠭᠡᠳᠦ ᠲᠠᠰ ᠤᠨ ᠰᠦ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠡᠮᠬᠢ ᠵᠢᠷᠤᠮ ᠲᠠᠢ ᠠᠭᠢᠵᠤ᠂ ᠮᠣ᠋ ᠶᠣᠸᠠᠨ ᠭᠠᠭ᠋ᠠᠶ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠯᠤᠰ ᠤᠨ ᠲᠠᠰ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠠᠯᠠᠪᠠᠶ ᠪᠠᠷ ᠦᠨᠡᠯᠡᠭᠳᠡᠪᠡ᠃ | ᠯᠠᠵᠤᠤ᠂ ᠢᠳᠡᠰᠢᠨ ᠮᠥᠭᠦ᠂ ᠲᠥᠬᠦᠭᠡᠷᠦᠮᠵᠢᠲᠦ ᠵᠢᠮᠢᠰ ᠢᠳᠡᠰᠢᠨ ᠨᠣᠭᠤᠭ᠎ᠠ᠂ ᠢᠳᠡᠰᠢᠨ ᠬᠤᠨᠢ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ | ᠳᠠᠶᠢᠴᠢᠯᠠᠨ ᠣᠷᠣᠯᠭ᠎ᠠ ᠶᠢ ᠢᠯᠡᠳᠲᠡ ᠨᠡᠮᠡᠭᠳᠡᠭᠦᠯᠵᠦ᠂ ᠰᠢᠶᠠᠨ ᠹᠧᠩ ᠪᠠᠯᠭᠠᠰᠣᠨ ᠤ ᠭᠤᠷᠪᠠᠨ ᠮᠠᠶᠢᠬᠠᠨ ᠲᠣᠰᠬᠤᠨ᠂ ᠮᠢᠩᠭᠠᠨ ᠪᠠᠯᠭᠠᠰᠤ ᠶᠢᠨ ᠯᠢᠦ ᠹᠧᠨ ᠽᠢ | ᠲᠣᠰᠬᠤᠨ ᠵᠡᠷᠭᠡ 5 ᠵᠠᠰᠠᠭ ᠵᠠᠬᠢᠷᠭᠠᠨ ᠤ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠢᠭᠡ ᠲᠣᠰᠬᠤᠨ ᠨᠢᠭᠡ ᠦᠢᠯᠡᠳᠭᠦᠨ︾ ᠤ ᠵᠢᠱᠢᠶ᠎ᠡ | ᠦᠵᠡᠭᠦᠯᠬᠦ ᠲᠣᠰᠬᠤᠨ ᠢᠶᠠᠷ ᠮᠠᠭᠠᠳᠯᠠᠨ ᠲᠣᠭᠲᠠᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ 5 ᠶᠢ ᠪᠠᠶᠢᠭᠤᠯᠪᠠ᠂ ᠶᠡᠭᠡ ᠰᠢᠭᠡᠲᠡᠢ ᠪᠠᠯᠭᠠᠰᠤ | ᠪᠠ ᠰᠢᠶᠠᠨ ᠹᠧᠩ ᠪᠠᠯᠭᠠᠰᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠦᠨ | ᠳᠠᠭᠠᠭᠤᠯᠵᠤ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠨ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠴᠢᠬᠤᠯᠠ ᠶᠡᠭᠡ ᠲᠤᠰᠬᠠᠢ ᠲᠥᠷᠥᠯ ᠤᠨ ᠪᠡᠯᠡ ᠮᠥᠩᠭᠦ ᠶᠢᠨ ᠳᠡᠮᠵᠢᠯᠭᠡ ᠶᠢ ᠬᠦᠷᠲᠡᠪᠡ ︵ᠪᠦᠬᠦ ᠣᠷᠣᠨ ᠳᠤ ᠨᠡᠶᠢᠲᠡ | ᠬᠤᠶᠠᠷ ᠪᠣᠢ︶᠃ | ᠨᠢᠭᠡ ᠵᠢᠯ ᠤᠨ ᠲᠤᠷᠰᠢ᠂ ᠪᠢᠳᠡ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠢᠳᠡᠪᠬᠢᠲᠡᠶ ᠪᠠᠷ ᠲᠦᠯᠬᠢᠨ ᠠᠬᠢᠭᠤᠯᠪᠠ᠃ ︽ | ᠨᠢᠭᠡ ᠲᠣᠭᠤᠷᠢᠭ ᠭᠤᠷᠪᠠᠨ ᠬᠦᠷᠢᠶᠡᠯᠡᠩ︾ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠲᠣᠬᠢᠷᠠᠭᠤᠯᠵᠣ᠂ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ | ᠵᠢᠱᠢᠬᠦ ᠵᠡᠷᠭᠡ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠲᠥᠯᠥᠪᠵᠢᠭᠦᠯᠭᠡ ᠶᠢᠨ ᠲᠤᠭᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠦᠷᠢᠶᠡᠯᠡᠩ | ᠲᠣᠭᠤᠷᠢᠭ ᠤᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠦᠢᠯᠡᠳᠭᠦᠨ ᠤ ᠥᠷᠲᠡᠭ ᠢ 113 ᠳ᠋ᠦᠩᠰᠢᠭᠤᠷ ᠲᠥᠭᠦᠷᠢᠭ ᠲᠤ ᠬᠦᠷᠦᠭᠦᠯᠵᠦ | ᠂ ᠠᠩᠬ᠎ᠠ ᠤᠳᠠᠭ᠎ᠠ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃ ᠳ᠋ᠠ ᠵᠥᠩ ᠠᠭᠤᠷᠬᠠᠶ ᠶᠢᠨ ᠦᠢᠯᠡᠰ ᠠᠮᠵᠢᠯᠲᠠ ᠲᠠᠢ ᠪᠠᠷ ᠵᠠᠬ᠎ᠠ | ᠳᠡᠯᠭᠡᠭᠦᠷ ᠲᠤ ᠭᠠᠷᠴᠤ᠂ ᠥᠪᠡᠷᠲᠡᠭᠡᠨ ᠵᠠᠰᠠᠬᠤ ᠣᠷᠣᠨ ᠤ 9 ᠵᠢᠯ ᠤᠨ ᠲᠤᠷᠰᠢᠬᠢ ᠠᠩᠬᠠᠳᠠᠭᠴᠢ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ | ᠠᠬᠤᠶᠢᠯᠠᠯ ᠪᠣᠯᠪᠠ᠃ ᠮᠧᠶ ᠬᠤᠸᠠ ᠶᠢᠨ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠲᠦᠩ ᠴᠧᠨ ᠤ 3000 ᠲᠣᠨ ᠬᠤᠪᠣᠷ | ᠰᠢᠷᠣᠶ ᠶᠢᠨ ᠲᠡᠮᠦᠷᠯᠢᠭ᠂ ᠴᠢᠶᠠᠩ ᠱᠧᠩ ᠤᠨ 6000 ᠲᠦᠮᠡᠨ ᠬᠡᠰᠡᠭ ᠣᠷᠴᠢᠨ ᠲᠣᠭᠤᠷᠢᠨ ᠢ ᠬᠠᠮᠠᠭᠠᠯᠠᠬᠤ ᠲᠣᠭᠤᠰᠬ᠎ᠠ ᠵᠡᠷᠭᠡ 6 ᠲᠥᠷᠥᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠸᠠ ᠲᠦᠸᠧ ᠶᠢᠨ 3000 ᠲᠦᠮᠡᠨ ᠲᠣᠨ ᠲᠡᠮᠦᠷ ᠤᠨ ᠬᠦᠳᠡᠷ ᠪᠣᠯᠪᠠᠰᠤᠷᠠᠭᠤᠯᠬᠤ ᠵᠢᠴᠢ ᠦᠯᠡᠳᠡᠭᠳᠡᠯ | ᠬᠦᠳᠡᠷ ᠢ ᠬᠠᠭᠤᠷᠠᠶ ᠪᠠᠷ ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠵᠥᠩ ᠱᠧᠩ ᠳ᠋ᠤᠤ ᠵᠢᠶ ᠤᠨ ᠴᠡᠪᠡᠷ ᠲᠡᠮᠦᠷᠯᠢᠭ ᠺᠠᠯᠼ ᠵᠡᠷᠭᠡ | 9 ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠵᠢᠱᠢᠯᠲᠡ ᠪᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 10 % ᠪᠠᠷ ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 4.9 ᠳᠠᠬᠢᠨ | ᠨᠡᠮᠡᠭᠳᠡᠵᠦ᠂ ᠣᠶᠢᠷ᠎ᠠ ᠶᠢᠨ ᠵᠢᠯ ᠤᠨ ᠲᠤᠷᠰᠢ ᠠᠩᠬ᠎ᠠ ᠤᠳᠠᠭ᠎ᠠ ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠬᠤ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ 6.7 ᠳ᠋ᠦᠩᠰᠢᠭᠤᠷ ᠲᠥᠭᠦᠷᠢᠭ ᠤᠷᠤᠭᠤᠯᠵᠤ᠂ ᠮᠡᠷᠬᠡᠨ ᠰᠢᠷ᠎ᠠ ᠤᠷᠤᠢ ᠵᠠᠮ᠂ ᠮᠢᠨ ᠱᠧᠩ ᠵᠠᠮ | ᠵᠡᠷᠭᠡ 3 ᠵᠤᠷᠪᠤᠰ ᠵᠠᠮ ᠢ ᠣᠷᠳᠣᠳᠬᠠᠨ ᠰᠢᠯᠤᠭᠤᠳᠬᠠᠵᠤ᠂ ᠦᠨᠳᠦᠰᠦᠲᠡᠨ ᠤ ᠵᠠᠮ᠂ ᠪᠠᠶᠠᠨᠬᠤᠸᠠ ᠶᠡᠭᠡ ᠵᠡᠭᠡᠯᠢ ᠵᠡᠷᠭᠡ ᠵᠠᠮ ᠤᠨ ᠬᠡᠰᠡᠭ ᠤᠨ ᠭᠠᠵᠠᠷ ᠲᠤᠤᠷᠠᠬᠢ | ᠬᠤᠭᠤᠯᠠᠶ ᠶᠢᠨ ᠲᠣᠤᠷ ᠢ 5.4 ᠺᠢᠯᠣᠮᠧᠲᠷ ᠳᠡᠪᠢᠰᠴᠦ᠂ ᠶᠠᠪᠠᠭᠠᠨ ᠵᠠᠮ ᠢ ᠬᠠᠲᠠᠭᠤᠷᠠᠭᠤᠯᠬᠤ ᠪᠠ 4.2 ᠲᠦᠮᠡᠨ ᠲᠡᠭᠰᠢ ᠳᠥᠷᠪᠡᠯᠵᠢᠨ ᠮᠧᠲᠷ ᠢ ᠰᠡᠯᠪᠢᠨ ᠵᠠᠰᠠᠵᠤ | ᠰᠢᠨᠡᠳᠬᠡᠬᠦ ᠶᠢ ᠪᠡᠶᠡᠯᠡᠬᠦᠯᠵᠦ᠂ ᠪᠤᠷᠤᠭᠠᠨ ᠤ ᠤᠰᠤ ᠪᠠ ᠪᠤᠬᠢᠷ ᠤᠰᠤ ᠶᠢ ᠰᠠᠯᠭᠠᠬᠤ ᠪᠠᠷᠢᠯᠭ᠎ᠠ ᠶᠢ ᠯᠠᠪᠳᠠᠭᠤᠨ ᠠᠬᠢᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ | ᠶᠢ ᠲᠠᠰᠤᠷᠠᠯᠳᠠ ᠦᠬᠡᠢ ᠲᠡᠭᠦᠯᠳᠡᠷᠵᠢᠬᠦᠯᠪᠡ᠃ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠬᠤᠲᠠ ᠶᠢᠨ ᠲᠡᠭᠦᠷᠭᠡ᠂ ᠬᠦᠷᠢᠶᠡᠯᠡᠩ ᠲᠣᠭᠤᠷᠢᠭ ᠲᠡᠶᠢᠰᠢ | ᠤᠷᠲᠤᠳᠬᠠᠵᠤ᠂ 1.2 ᠲᠦᠮᠡᠨ ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠵᠦ᠂ 1 ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢ ᠪᠠᠶᠢᠭᠤᠯᠵᠤ | ᠳᠠᠭᠤᠰᠬᠠᠨ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠪᠣᠯᠭᠠᠪᠠ᠃ ᠵᠢᠩ ᠸᠧᠶ᠂ ᠢᠦᠶ ᠲᠠᠢ ᠵᠡᠷᠭᠡ ᠬᠤᠳᠠᠯᠳᠤᠭᠠᠨ ᠤ ᠣᠷᠣᠨ | ᠰᠠᠭᠤᠴᠠ ᠶᠢᠨ ᠪᠠᠷᠢᠯᠭ᠎ᠠ ᠶᠢ ᠲᠠᠭᠤᠰᠬᠠᠨ ᠪᠣᠷᠣᠯᠠᠭᠤᠯᠭ᠎ᠠ ᠪᠠᠨ ᠡᠬᠢᠯᠡᠬᠦᠯᠵᠦ᠂ ᠰᠢ ᠱᠠᠨ ᠽᠦᠢ ᠴᠠᠭᠠᠰᠤᠨ ᠤ ᠦᠢᠯᠡᠳᠪᠦᠷᠢ᠂ ᠰᠢᠨ ᠶᠤᠸᠠᠨ ᠵᠡᠷᠭᠡ 10 | ᠬᠠᠭᠤᠴᠢᠨ ᠰᠠᠭᠤᠭᠠᠯᠢ ᠲᠣᠭᠤᠷᠢᠭ ᠪᠣᠯᠤᠨ ᠳᠦᠷᠪᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ 351 ᠡᠷᠦᠬᠡ ᠢᠵᠢ ᠪᠦᠷᠢᠨ ᠪᠤᠰᠤ ᠣᠷᠣᠨ | ᠰᠠᠭᠤᠴᠠ ᠶᠢ ᠥᠨᠳᠥᠷ ᠪᠠᠷᠢᠮᠵᠢᠶ᠎ᠠ ᠲᠠᠢ ᠪᠠᠷ ᠥᠭᠡᠷᠡᠴᠢᠯᠡᠨ ᠵᠠᠰᠠᠵᠤ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠬᠡᠪ ᠠᠴᠠ | ᠳᠠᠪᠠᠭᠰᠠᠨ ᠠᠷᠭ᠎ᠠ ᠪᠠᠷᠢᠯ ᠢᠶᠠᠷ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ 10033 ᠡᠷᠦᠬᠡ ᠰᠠᠭᠤᠭᠠᠯᠢ ᠠᠷᠠᠳ ᠲᠤ ᠥᠯᠥ ᠬᠥᠳᠡᠯᠬᠦ ᠬᠥᠷᠥᠩᠭᠡ ᠶᠢ | ᠡᠷᠦᠬᠡ ᠬᠤᠪᠢᠶᠠᠨ ᠳᠠᠩᠰᠠᠯᠠᠬᠤ ᠭᠠᠷ ᠬᠦᠢᠴᠡᠳᠭᠡᠯ ᠢ ᠬᠢᠵᠦ ᠥᠭᠭᠦᠭᠡᠳ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠬᠤ ᠳᠠᠶᠢᠯᠠᠯᠳᠤᠭᠠᠨ ᠳᠤ ᠪᠥᠬᠦ ᠬᠦᠴᠦᠨ ᠢᠶᠠᠷ ᠢᠶᠠᠨ ᠢᠯᠠᠯᠲᠠ ᠣᠯᠵᠤ᠂ 27 ᠨᠠᠷᠡᠰ ᠡᠮᠴᠢ ᠰᠤᠪᠢᠯᠠᠭᠴᠢ ᠪᠠ | ᠡᠷᠦᠬᠡ ᠶᠢᠨ ᠴᠡᠷᠢᠭ ᠢᠶᠠᠷ ᠡᠵᠡᠨ᠎ᠡ ᠬᠤᠰᠢᠭᠤᠨ ᠤ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠲᠣᠰᠠᠯᠠᠭᠤᠯᠪᠠ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠶᠢ ᠯᠠᠪᠳᠠᠭᠤᠨ ᠡᠮᠬᠢ ᠵᠢᠷᠤᠮ ᠲᠠᠢ ᠠᠬᠢᠭᠤᠯᠵᠤ᠂ ᠪᠥᠬᠦ ᠬᠤᠰᠢᠭᠤ ᠶᠢ ᠳᠠᠶᠢᠴᠢᠯᠠᠨ ︽ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ︾ ᠶᠢ ᠬᠤᠷᠢᠭᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠢᠵᠢᠭ ᠤᠨ ᠪᠠᠶᠢᠳᠠᠯ ︽ᠣᠷᠣᠵᠤ ᠢᠷᠡᠬᠦ ᠥᠬᠡᠶ᠂ ᠬᠠᠯᠳᠠᠪᠤᠷᠢᠯᠠᠬᠤ | ᠥᠬᠡᠶ︾ ᠪᠠᠶᠢᠬᠤ ᠶᠢ ᠪᠡᠶᠡᠯᠡᠬᠦᠯᠪᠡ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠪᠠᠴᠢᠮ | ᠲᠦᠭᠰᠢᠭᠦᠷᠢᠲᠡᠶ ᠬᠦᠨᠳᠦ ᠡᠪᠡᠳᠴᠢᠨ ᠢ ᠡᠮᠨᠡᠨ ᠵᠠᠰᠠᠬᠤ ᠲᠥᠪ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ | ᠲᠥᠪ ᠪᠠ ᠳ᠋ᠧ ᠰᠢᠨ ᠡᠮᠴᠢᠯᠡᠭᠡ ᠰᠤᠪᠢᠯᠠᠯᠲᠠ ᠶᠢᠨ ᠦᠢᠯᠡᠴᠢᠯᠡᠬᠡᠨ ᠤ ᠲᠥᠪ ᠵᠡᠷᠭᠡ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠠᠭᠤᠯᠠ ᠶᠢᠨ ᠦᠪᠦᠷ ᠤᠨ ᠣᠷᠣᠨ ᠤ ᠨᠠᠰᠤᠲᠠᠨ ᠢ ᠠᠰᠠᠷᠠᠬᠤ ᠲᠥᠪ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠡᠮᠴᠢᠯᠡᠭᠡ ᠪᠠᠷ ᠨᠠᠰᠣᠳᠠᠨ ᠢ ᠠᠰᠠᠷᠠᠬᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 33 ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠦᠴᠦᠨ ᠥᠬᠡᠶ ᠪᠣᠯᠭᠠᠵᠤ᠂ ︽ᠬᠤᠶᠠᠷ ᠢ ᠬᠦᠩᠭᠡᠷᠡᠭᠦᠯᠬᠦ︾ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠬᠤᠰᠢᠭᠤᠨ ᠤ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠬᠠᠭᠤᠴᠢᠨ ᠬᠤᠲᠠ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠳᠤᠲᠠᠭᠤᠳᠠᠯ ᠢ ᠪᠦᠲᠦᠮᠵᠢᠲᠡᠶ ᠨᠥᠬᠦᠪᠥᠷᠢᠯᠡᠪᠡ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ | ᠱᠤᠭᠤᠮ ᠳᠤ ᠬᠦᠷᠦᠭᠰᠡᠨ ᠬᠥᠮᠦᠨ ᠤ ᠲᠤᠭ᠎ᠠ ᠪᠠ ᠱᠤᠭᠤᠮ ᠳᠤ ᠬᠦᠷᠦᠭᠰᠡᠨ ᠨᠣᠷᠮ᠎ᠠ ᠴᠥᠮ ᠲᠡᠤᠬᠡᠨ ᠰᠢᠨ᠎ᠡ ᠲᠡᠮᠳᠡᠭᠯᠡᠯ ᠢ ᠡᠭᠦᠳᠪᠡ᠃1393 ᠲᠦᠮᠡᠨ | ᠲᠥᠭᠦᠷᠢᠭ ᠤᠨ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠲᠠᠯᠪᠢᠵᠤ᠂ 140 ᠭᠠᠷᠤᠶ ᠬᠥᠮᠦᠨ ᠰᠢᠨ᠎ᠡ ᠪᠠᠷ ᠦᠢᠯᠡᠰ ᠴᠣᠭᠴᠠᠯᠠᠨ ᠠᠵᠢᠯ ᠣᠯᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ︽4050︾ ᠶᠢᠨ 168 ᠬᠥᠮᠦᠨ ᠢ | ᠲᠥᠪᠬᠢᠨᠡᠭᠦᠯᠪᠡ᠃ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠢᠨ᠎ᠡ ᠵᠠᠭᠤᠴᠢᠯᠠᠭᠤᠷ | ᠵᠡᠷᠭᠡ ᠤᠬᠠᠭᠤᠯᠭ᠎ᠠ ᠶᠢᠨ ᠲᠠᠪᠴᠠᠩ ᠢ ᠨᠡᠩ ᠲᠡᠭᠦᠯᠳᠡᠷᠵᠢᠭᠦᠯᠪᠡ᠃ ᠪᠡᠶ᠎ᠡ ᠲᠠᠮᠢᠷ ᠰᠣᠶᠣᠯ ᠤᠨ ᠦᠢᠯᠡᠰ ᠴᠡᠴᠡᠭᠯᠡᠨ ᠬᠥᠭᠵᠢᠪᠡ᠃ ᠮᠠᠨ ᠤ ᠬᠤᠰᠢᠭᠤ ᠥᠪᠡᠷᠲᠡᠭᠡᠨ | ᠵᠠᠰᠠᠬᠤ ᠣᠷᠣᠨ ᠤ ᠨᠡᠶᠢᠬᠡᠮ ᠤᠨ ᠬᠥᠯ ᠪᠥᠮᠪᠦᠭᠡ ᠶᠢᠨ ᠲᠠᠯᠠᠪᠠᠶ ᠶᠢᠨ ᠬᠠᠮᠢᠶᠠᠷᠤᠯᠲᠠ ᠡᠵᠡᠩᠨᠡᠯᠲᠡ ᠶᠢᠨ ᠵᠢᠱᠢᠶ᠎ᠡ ᠦᠵᠡᠭᠦᠯᠬᠦ ᠰᠢᠶᠠᠨ ᠪᠠ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠤ ᠲᠤᠷᠰᠢᠯᠲᠠ ᠶᠢᠨ ᠰᠢᠶᠠᠨ ᠢᠶᠠᠷ ᠦᠨᠡᠯᠡᠭᠳᠡᠵᠦ᠂ ᠬᠤᠰᠢᠭᠤᠨ ᠤ ᠰᠣᠶᠣᠯ ᠤᠨ ᠣᠷᠳᠣᠨ ᠤᠯᠤᠰ ᠤᠨ ᠨᠢᠭᠡᠳᠦᠭᠡᠷ ᠳᠡᠰ ᠤᠨ ᠰᠣᠶᠣᠯ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠰᠣᠶᠣᠯ ᠤᠨ ᠣᠷᠳᠣᠨ︾ ᠢᠶᠠᠷ ᠦᠨᠡᠯᠡᠭᠳᠡᠪᠡ᠃ ᠣᠷᠳᠣᠰ ᠤᠨ ᠨᠡᠭᠦᠷᠡᠰᠦᠨ ᠠᠭᠤᠷᠬᠠᠶ ᠶᠢᠨ | ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠵᠤ᠂ 4.1 ᠲᠦᠮᠡᠨ ᠡᠷᠦᠬᠡ ᠮᠠᠯᠴᠢᠨ ᠲᠠᠷᠢᠶᠠᠴᠢᠨ ᠳᠤ ᠡᠩ ᠤᠨ ᠦᠨ᠎ᠡ ᠶᠢᠨ ᠨᠡᠭᠦᠷᠡᠰᠦ ᠶᠢ 8.1 ᠲᠦᠮᠡᠨ | ᠲᠣᠨ ᠬᠠᠩᠭᠠᠵᠤ᠂ ᠣᠯᠠᠨ ᠲᠦᠮᠡᠨ ᠤ ᠨᠡᠭᠦᠷᠡᠰᠦ ᠰᠢᠲᠠᠭᠠᠬᠤ ᠪᠠᠴᠢᠮ ᠪᠠᠶᠢᠳᠠᠯ ᠢ ᠨᠠᠮᠳᠠᠭᠤᠯᠪᠠ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠳᠤᠮᠳᠠ ᠠᠴᠠ ᠡᠷᠡᠯᠬᠡᠭ ᠵᠤᠷᠢᠭ ᠢ ᠢᠯᠡᠷᠡᠭᠦᠯᠵᠦ᠂ ᠬᠠᠲᠠᠭᠤᠵᠢᠨ ᠪᠤᠯᠪᠠᠰᠤᠷᠠᠪᠠᠰᠤ ᠰᠠᠶ᠋ᠢ ᠠᠮᠵᠢᠯᠲᠠ | ᠪᠦᠲᠦᠮᠵᠢ ᠣᠯᠳᠠᠭ᠃ ᠲᠣᠰ ᠬᠤᠭᠤᠴᠠᠭᠠᠨ ᠤ ᠵᠠᠰᠠᠭ ᠤᠨ ᠣᠷᠳᠣᠨ ᠦᠶᠡᠷ ᠲᠠᠢ ᠲᠡᠮᠡᠴᠡᠨ ᠠᠶᠤᠯ ᠠᠴᠠ ᠠᠪᠤᠷᠬᠠᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠡᠷᠭᠡ ᠶᠡᠭᠡ ᠰᠢᠯᠭᠠᠯᠲᠠ ᠶᠢ ᠥᠩᠭᠡᠷᠡᠭᠡᠵᠦ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠪᠥᠬᠦ ᠲᠠᠯ᠎ᠠ ᠶᠢᠨ ᠢᠯᠠᠯᠲᠠ ᠶᠢ ᠣᠯᠵᠤ᠂ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠶᠢ ᠭᠡᠷᠡᠴᠢᠯᠡᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠠᠷ | ᠲᠡᠭᠦᠰᠭᠡᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠬᠥᠲᠥᠯᠦᠨ ᠳᠠᠭᠠᠭᠤᠯᠤᠭᠰᠠᠨ ᠤ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠠᠷᠠᠳ ᠲᠦᠮᠡᠨ ᠤ | ᠪᠦᠯᠬᠦᠮᠳᠡᠨ ᠲᠡᠮᠡᠴᠡᠭᠰᠡᠨ ᠤ ᠠᠴᠢ ᠭᠠᠪᠢᠶ᠎ᠠ ᠮᠥᠨ᠂ ᠥᠩᠭᠡᠷᠡᠭᠰᠡᠨ ᠬᠤᠭᠤᠴᠠᠭ᠎ᠠ ᠤᠳ ᠤᠨ ᠵᠠᠰᠠᠭ ᠤᠨ ᠣᠷᠳᠣᠨ ᠤ ᠪᠠᠲᠤ ᠪᠠᠬᠢ ᠰᠠᠭᠤᠷᠢ ᠶᠢ ᠲᠠᠯᠪᠢᠭᠰᠠᠨ ᠤ | ᠠᠴᠢ ᠲᠤᠰᠠ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ | ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠦᠯᠦᠬᠡᠯᠡᠭᠴᠢ᠂ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠪᠠ | ᠨᠡᠶᠢᠭᠡᠮ ᠤᠨ ᠡᠯ᠎ᠡ ᠡᠲᠡᠭᠡᠳ ᠤᠨ ᠬᠦᠮᠦᠰ᠂ ᠡᠮᠦᠨᠡᠲᠦ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠲᠠᠮᠵᠢᠵᠤ ᠪᠠᠶᠢᠭ᠎ᠠ ᠪᠦᠬᠦ ᠨᠥᠬᠦᠳ᠂ ᠨᠠᠶᠢᠵᠠ ᠨᠠᠷ ᠲᠤ ᠪᠠᠨ | ᠡᠷᠬᠢᠮ ᠳᠡᠭᠡᠳᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠳᠠᠭᠠᠤ ᠳᠤ ᠪᠢᠳᠡ᠂ ᠮᠠᠨ ᠤ ᠬᠤᠰᠢᠭᠤᠨ ᠤ ᠬᠥᠭᠵᠢᠯᠲᠡ ᠶᠢᠨ ᠠᠬᠢᠴᠠ ᠲᠤᠮᠳᠠ ᠪᠠᠰᠠ ᠨᠢᠬᠡ ᠪᠦᠯᠦᠭ ᠲᠤᠳᠠᠭᠤᠳᠠᠯ ᠪᠠ | ᠪᠠᠭᠤᠷᠠᠢ ᠲᠠᠯ᠎ᠠ ᠤᠷᠤᠰᠢᠵᠤ ᠪᠠᠶᠢᠬᠤ ᠪᠠᠨ ᠰᠡᠷᠭᠡᠭ ᠢᠶᠠᠷ ᠲᠠᠨᠢᠵᠤ ᠣᠯᠵᠠᠶ᠃ ᠨᠢᠭᠡ ᠳᠤ ᠠᠮᠢ ᠠᠬᠤᠶ ᠶᠢᠨ ᠣᠷᠴᠢᠨ ᠨᠥᠬᠦᠴᠡᠯ ᠨᠡᠯᠢᠶᠡᠳ ᠬᠡᠪᠡᠷᠡᠭ ᠪᠠᠶᠢᠵᠤ᠂ ︽ | ᠭᠤᠷᠪᠠᠨ ᠠᠭᠤᠯᠠ ᠨᠢᠭᠡ ᠨᠠᠭᠤᠷ︾ ᠤᠨ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠮᠥᠨ ᠬᠦ ᠴᠢᠩᠭᠠᠳᠬᠠᠬᠤ ᠴᠢᠬᠤᠯᠠᠲᠠᠶ ᠪᠠᠶᠢᠵᠤ᠂ ᠤᠯᠠᠮᠵᠢᠯᠠᠯᠲᠤ ᠠᠵᠤ | ᠦᠢᠯᠡᠰ ᠤᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠭᠦᠷᠭᠡ ᠬᠦᠨᠳᠦ ᠨᠦᠰᠠᠷ ᠪᠠᠶᠢᠨ᠎ᠠ᠃ ᠬᠤᠶᠠᠷ ᠲᠤ ᠡᠨᠧᠷᠭᠢ ᠶᠢᠨ ᠬᠤᠷᠣᠭᠳᠠᠯ ᠤᠨ | ᠬᠤᠤᠰ ᠬᠢᠵᠠᠭᠠᠷᠯᠠᠯ ᠤᠨ ᠲᠥᠷᠥ ᠶᠢᠨ ᠪᠣᠳᠣᠯᠭ᠎ᠠ ᠶᠢ ᠤᠯᠠᠮᠵᠢᠯᠠᠯᠲᠤ ᠠᠵᠤ ᠦᠢᠯᠡᠰ ᠵᠦᠭ ᠬᠦᠭᠵᠢᠬᠦᠯᠵᠣ᠂ ᠲᠥᠷᠥᠯ ᠵᠦᠢᠯ ᠢ ᠪᠣᠳᠠᠲᠠᠶᠢᠵᠢᠭᠤᠯᠬᠤ ᠳᠤ ᠨᠠᠩ | ᠥᠨᠳᠥᠷ ᠱᠠᠭᠠᠷᠳᠠᠯᠭ᠎ᠠ ᠳᠤᠷᠠᠳᠴᠤ᠂ ᠠᠵᠤ ᠠᠬᠤᠶ ᠶᠢᠨ ᠬᠥᠭᠵᠢᠯᠲᠡ ᠨᠢ ᠶᠠᠭ ᠬᠡᠯᠪᠡᠷᠢ ᠪᠠᠨ ᠬᠤᠪᠢᠷᠠᠭᠤᠯᠬᠤ ᠶᠢᠨ ᠡᠪᠡᠷᠰᠢᠶᠡᠯ ᠤᠨ ᠬᠤᠭᠤᠴᠠᠭᠠᠨ ᠳᠤ ᠣᠷᠣᠰᠢᠵᠤ | ᠪᠠᠶᠢᠨ᠎ᠠ᠃ ᠭᠤᠷᠪᠠ ᠳᠤ ᠡᠬᠢ ᠪᠠᠶᠠᠯᠢᠭ ᠂ ᠣᠷᠣᠨ ᠪᠠᠶᠢᠷᠢ ᠵᠡᠷᠭᠡ ᠳᠠᠪᠠᠭᠤᠯᠢᠭ ᠤᠨ ᠪᠠᠳᠠᠷᠠᠭᠤᠯᠤᠯᠳᠠ ᠶᠢ ᠬᠠᠷᠠᠬᠠᠨ ᠠᠵᠤ ᠦᠢᠯᠡᠰ ᠤᠨ ᠳᠠᠪᠠᠭᠤᠯᠢᠭ ᠪᠣᠯᠭᠠᠨ | ᠬᠤᠪᠢᠷᠠᠭᠤᠯᠤᠭᠠᠳᠤᠢ᠂ ᠭᠤᠷᠪᠠᠨ ᠠᠵᠤ ᠦᠢᠯᠡᠰ ᠤᠨ ᠪᠦᠲᠦᠴᠡ ᠨᠢ ᠵᠤᠬᠢᠰ ᠦᠭᠡᠢ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠤᠪᠢ ᠶᠢᠨ ᠵᠢᠩ | ᠬᠡᠳᠦ ᠥᠨᠳᠥᠷ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠬᠦᠷᠦᠯᠴᠡᠬᠦ ᠦᠭᠡᠢ ᠪᠠᠶᠢᠵᠤ᠂ ᠤᠳᠤ ᠶᠢᠨ ᠪᠠᠶᠢᠭ᠎ᠠ ᠠᠵᠤ ᠦᠢᠯᠡᠰ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠶᠢ | ᠲᠤᠯᠭᠠᠭᠤᠷᠢᠯᠠᠬᠤ ᠳᠤ ᠬᠦᠴᠢᠷᠲᠡᠢ ᠪᠠᠶᠢᠨ᠎ᠠ᠃ ᠲᠦᠷᠪᠡ ᠳᠤ ᠡᠳ᠋ ᠤᠨ ᠵᠠᠰᠠᠭ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠡᠯᠢᠶᠡᠳ ᠪᠠᠭ᠎ᠠ᠂ ᠵᠠᠰᠠᠭ ᠤᠨ ᠣᠷᠳᠣᠨ ᠤ | ᠥᠷᠢ ᠥᠭᠴᠡᠭᠡ ᠶᠢ ᠪᠠᠭᠠᠰᠬᠠᠬᠤ ᠳᠠᠷᠤᠯᠲᠠ ᠮᠥᠨ ᠯᠡ ᠨᠡᠯᠢᠶᠡᠳ ᠶᠡᠭᠡ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠᠰᠠ ᠳᠤᠲᠠᠭᠤᠳᠠᠯ ᠲᠠᠢ ᠪᠠᠶᠢᠵᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ᠃ ᠲᠠᠪᠤ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠠᠰᠠ ᠨᠡᠯᠢᠶᠡᠳ ᠶᠡᠭᠡ ᠰᠠᠶᠢᠵᠢᠷᠠᠭᠤᠯᠬᠤ ᠣᠷᠣᠨ | ᠵᠠᠶ ᠲᠠᠢ᠂ ᠵᠠᠷᠢᠮ ᠺᠠᠳ᠋ᠷ ᠠᠵᠢᠯᠲᠠᠨ ᠠᠵᠢᠯᠴᠢᠨ ᠤ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ᠂ ᠬᠠᠷᠢᠭᠤᠴᠠᠯᠭ᠎ᠠ ᠡᠭᠦᠷᠭᠡᠯᠡᠬᠦ᠂ ᠲᠡᠷᠢᠭᠦᠨ ᠤ ᠬᠢ ᠪᠣᠯᠬᠤ ᠪᠠᠷ | ᠴᠢᠷᠮᠠᠶᠢᠬᠤ ᠤᠬᠠᠮᠰᠠᠷ ᠴᠢᠩᠭ᠎ᠠ ᠪᠢᠰᠢ ᠪᠠᠶᠢᠵᠤ᠂ ᠠᠵᠢᠯ ᠤᠨ ᠰᠤᠷᠲᠠᠯ ᠪᠠ ᠲᠣᠬᠠᠶᠢᠯᠠᠭᠰᠠᠨ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ | ᠪᠠᠶᠢᠨ᠎ᠠ᠃ ᠡᠭᠦᠨ ᠳᠤ ᠪᠢᠳᠡ ᠵᠥᠷᠢᠴᠡᠯ ᠮᠦᠷᠭᠦᠯᠳᠦᠬᠡᠨ ᠳᠤ ᠰᠢᠭᠤᠳ ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ ᠪᠠ ᠬᠠᠷᠠᠯᠲᠠ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠮᠣᠷᠳᠠᠬᠤ ᠳᠤ᠂ ᠪᠢᠳᠡ ᠬᠥᠭᠵᠢᠯᠲᠡ ᠶᠢᠨ | ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠶᠢ ᠣᠯᠵᠤ ᠬᠠᠷᠠᠬᠤ ᠪᠠᠷ ᠪᠠᠷᠠᠬᠤ ᠦᠭᠡᠢ ᠪᠠᠰᠠ ᠶᠡᠭᠡ ᠬᠥᠭᠵᠢᠯᠲᠡ ᠶᠢᠨ ᠠᠵᠠ ᠲᠣᠬᠢᠶᠠᠯ ᠢ | ᠣᠯᠵᠤ ᠬᠠᠷᠠᠬᠤ ᠬᠡᠷᠡᠭᠲᠡᠢ᠃ ᠡᠷᠬᠡᠪᠰᠢ ᠢᠳᠡᠬᠡᠯ ᠵᠤᠷᠢᠭ ᠢᠶᠠᠨ ᠬᠦᠪᠴᠢᠯᠠᠵᠤ᠂ ᠤᠳᠠᠭᠠᠨ ᠲᠠᠭᠠᠮᠠᠭᠠᠢ ᠪᠠᠶᠢᠵᠤ᠂ ᠬᠦᠴᠢᠷ ᠪᠡᠷᠭᠡ ᠶᠢ ᠢᠯᠡᠨ ᠲᠠᠪᠠᠭ᠋ᠤ ᠲᠤᠮᠳᠠ | ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠪᠡᠶᠡᠯᠡᠬᠦᠯᠬᠦ ᠬᠡᠷᠡᠭᠳᠡᠢ᠃ ᠬᠥᠭᠵᠢᠯᠲᠡ ᠶᠢᠨ ᠶᠡᠭᠡ ᠣᠷᠴᠢᠨ ᠲᠣᠭᠤᠷᠢᠨ ᠠᠴᠠ ᠦᠵᠡᠪᠡᠯ᠂ ᠤᠯᠤᠰ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠡᠬᠢ | ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ᠂ ᠬᠢᠯᠢ ᠬᠢᠵᠠᠭᠠᠷ ᠤᠨ ᠦᠨᠳᠦᠰᠦᠲᠡᠨ ᠤ | ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠬᠦ ᠶᠢ ᠳᠡᠮᠵᠢᠬᠦ ᠵᠡᠷᠭᠡ ᠲᠦᠷᠦ ᠶᠢᠨ ᠪᠤᠳᠤᠯᠭ᠎ᠠ ᠶᠢᠨ ᠠᠰᠢᠭ ᠢ ᠶᠠᠭ ᠲᠦᠷᠭᠡᠨ ᠪᠠᠳᠠᠷᠠᠭᠤᠯᠵᠤ ᠪᠤᠢ︔ ᠪᠡᠭᠡᠵᠢᠩ | ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠠᠵᠤ ᠦᠢᠯᠡᠰ ᠤᠨ | ᠰᠢᠯᠵᠢᠯᠲᠡ ᠨᠢ ᠪᠢᠳᠡᠨ ᠤ ᠨᠡᠩ ᠤᠯᠠᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠲᠤᠬᠢᠶᠡᠯ ᠢ ᠠᠰᠢᠭᠯᠠᠨ ᠬᠥᠭᠵᠢᠬᠦ ᠶᠢ ᠪᠡᠶᠡᠯᠡᠭᠦᠯᠬᠦ ᠳᠤ ᠠᠰᠢᠭᠲᠠᠢ ᠶᠤᠮ᠃ | ᠥᠪᠡᠷᠲᠡᠭᠡᠨ ᠵᠠᠰᠠᠬᠤ ᠣᠷᠣᠨ ᠪᠣᠯᠤᠨ ᠪᠠᠶᠠᠨᠨᠠᠭᠤᠷ ᠬᠤᠳᠠ ᠶᠢᠨ ᠬᠢᠨ ᠲᠤᠰ ᠪᠡᠶ᠎ᠡ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠠᠬᠢ ᠪᠠᠶᠢᠷᠢ | ᠲᠣᠭᠲᠠᠭᠠᠯᠲᠠ ᠶᠢᠨ ᠢᠶᠠᠨ ᠲᠣᠭᠤᠷᠢᠨ ᠳᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠡᠨᠡᠬᠦ ᠲᠤᠮᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠢᠳᠡᠨ ᠳᠤ ᠬᠥᠭᠵᠢᠯᠲᠡ ᠶᠢᠨ | ᠠᠷᠭ᠎ᠠ ᠬᠡᠯᠪᠡᠷᠢ ᠪᠣᠯᠤᠨ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠠᠢ᠃ ᠲᠤᠰ ᠪᠡᠶ᠎ᠡ ᠶᠢᠨ ᠲᠠᠯ᠎ᠠ ᠠᠴᠠ ᠦᠵᠡᠪᠡᠯ᠂ ᠣᠶᠢᠷ᠎ᠠ ᠶᠢᠨ ᠵᠢᠯ ᠤᠨ ᠥᠷᠢ | ᠥᠭᠴᠡᠭᠡ ᠶᠢ ᠪᠠᠭᠠᠰᠬᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠬᠠᠰᠤᠬᠤ᠂ ᠪᠣᠬᠢᠷᠲᠤᠯ ᠢ ᠵᠠᠰᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠪᠠ ᠬᠥᠭᠵᠢᠯᠲᠡ ᠶᠢᠨ ᠳᠠᠷᠤᠭᠠᠰᠤ ᠶᠢ ᠲᠦᠷᠭᠡᠨ ᠰᠢᠩᠭᠡᠭᠡᠵᠦ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠪᠦᠲᠦᠮᠵᠢᠲᠡᠶ ᠪᠠᠷ ᠨᠥᠬᠦᠪᠥᠷᠢᠯᠡᠵᠦ᠂ ᠶᠡᠷᠦᠩᠬᠡᠶ ᠪᠣᠳᠠᠲᠤ ᠬᠦᠴᠦᠨ ᠢ ᠲᠣᠭᠲᠠᠭᠤᠨ ᠢᠶᠠᠷ | ᠳᠡᠭᠡᠭᠰᠢᠯᠡᠭᠦᠯᠦᠨ᠂ ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ᠃ ᠢᠯᠠᠩᠭᠤᠶ᠎ᠠ ᠬᠤᠰᠢᠭᠤᠨ ᠤ ᠠᠷᠪᠠᠨ ᠳᠥᠷᠪᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠪᠠᠶᠢᠷᠢᠰᠢᠯ᠂ | ᠬᠥᠭᠵᠢᠯᠲᠡ ᠶᠢᠨ ᠠᠷᠭ᠎ᠠ ᠵᠠᠮ ᠨᠢ ᠮᠠᠨ ᠤ ᠬᠤᠰᠢᠭᠤᠨ ᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃ ᠪᠢᠳᠡ ᠲᠣᠭᠲᠠᠯ ᠬᠦᠴᠦᠨ ᠢᠶᠠᠨ | ᠪᠠᠲᠤᠯᠠᠵᠤ᠂ ᠠᠵᠠ ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠳᠠᠭ ᠯᠠ ᠶᠤᠮ ᠪᠣᠯ ᠯᠠᠪᠲᠠᠢ ᠴᠢᠨᠠᠷ ᠰᠠᠶᠢᠲᠠᠢ ᠬᠥᠭᠵᠢᠯᠲᠡ ᠶᠢᠨ | ᠲᠦᠷᠭᠡᠨ ᠵᠠᠮ ᠳᠤ ᠣᠷᠣᠵᠤ ᠴᠢᠳᠠᠨ᠎ᠠ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ᠶᠢ ᠪᠠᠲᠤ ᠪᠠᠶᠢᠭᠤᠯᠬᠤ᠂ ︽ | ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ | ᠤᠶᠠᠯᠳᠤᠭᠤᠯᠤᠨ᠂ ᠪᠠᠶᠠᠨᠨᠠᠭᠤᠷ ᠤᠨ ︽ᠲᠠᠪᠤᠨ ᠥᠨᠳᠥᠷ ᠲᠠᠪᠤᠨ ᠰᠢᠨ᠎ᠡ︾ ᠶᠢᠨ ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ | ᠪᠠᠷᠢᠮᠲᠠᠯᠠᠵᠤ᠂ ᠬᠥᠭᠵᠢᠭᠦᠯᠬᠦ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠶ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠠᠨ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠥᠭᠵᠢᠭᠡᠬᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦ ᠲᠠᠯᠪᠢᠵᠤ᠂ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠯ ᠲᠠᠢ᠂ ᠪᠠᠶᠠᠨ | ᠴᠢᠨᠡᠭᠡᠯᠢᠭ ᠪᠣᠯᠪᠠᠰᠤᠨ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤ ᠶᠢ ᠬᠦᠴᠦᠯᠡᠨ ᠪᠥᠲᠥᠭᠡᠨ ᠪᠠᠶᠢᠭᠤᠯᠤᠨ᠎ᠠ᠃ | — ᠠᠵᠤ ᠦᠢᠯᠡᠰ ᠬᠥᠭᠵᠢᠭᠰᠡᠨ ᠪᠠᠶᠠᠨ ᠬᠦᠴᠦᠷᠬᠡᠭ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠭᠤᠤᠯ ᠪᠣᠯᠬᠤ ᠠᠵᠤ ᠠᠬᠤᠶ ᠶᠢᠨ | ᠬᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠯᠭᠠᠵᠤ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 210 ᠳ᠋ᠦᠩᠰᠢᠭᠤᠷ ᠲᠥᠭᠦᠷᠢᠭ ᠠᠴᠠ ᠳᠠᠪᠠᠭᠤᠯᠵᠣ᠂ ᠲᠣᠭᠲᠠᠮᠠᠯ ᠡᠳ᠋ ᠬᠥᠷᠥᠩᠭᠡ ᠶᠢᠨ ᠪᠠᠯᠠ | ᠣᠷᠣᠭᠤᠯᠤᠯᠲᠠ ᠶᠢ ᠨᠡᠶᠢᠲᠡ 180 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠪᠦᠬᠦ ᠬᠤᠲᠠ ᠶᠢᠨ ᠳᠤᠮᠳᠠᠴᠢ ᠲᠦᠪᠰᠢᠨ ᠠᠴᠠ ᠥᠨᠳᠥᠷ ᠪᠣᠯᠭᠠᠨ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠥᠬᠦ ᠣᠷᠣᠨ ᠤ ᠡᠮᠦᠨ᠎ᠡ ᠪᠠᠶᠢᠷᠢᠨ ᠳᠤ | ᠪᠠᠶᠢᠯᠭᠠᠵᠤ᠂ ᠡᠵᠡᠯᠡᠬᠦ ᠬᠠᠷᠢᠴᠠᠯ ᠢ ᠳᠡᠭᠡᠭᠰᠢᠯᠡᠬᠦᠯᠦᠨ᠎ᠡ᠃ ᠠᠵᠤ ᠦᠢᠯᠡᠰ ᠤᠨ ᠪᠦᠲᠦᠴᠡ ᠶᠢ ᠡᠳᠦᠷ ᠢᠷᠡᠬᠦᠶ᠎ᠡ ᠵᠦᠢ ᠵᠣᠬᠢᠰᠲᠠᠶ ᠪᠣᠯᠭᠠᠵᠤ᠂ ᠣᠯᠠᠨ ᠡᠰᠢᠵᠢᠨ | ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠳᠣ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠴᠣᠭᠴᠠᠯᠠᠨ | ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠬᠦᠯᠦᠨ᠎ᠡ᠃ | — ᠬᠤᠲᠠ ᠬᠥᠳᠡᠭᠡ ᠵᠣᠬᠢᠴᠠᠩᠭᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠣᠨ᠎ᠠ᠃ ᠬᠥᠮᠦᠨ ᠢᠶᠠᠷ | ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ | ᠬᠥᠭᠵᠢᠯᠲᠡ ᠶᠢ ᠨᠢᠭᠡᠳᠦᠯᠲᠡᠢ ᠪᠠᠷ ᠲᠥᠯᠥᠪᠵᠢᠭᠦᠯᠦᠨ ᠠᠬᠢᠭᠤᠯᠵᠤ᠂ ᠪᠠᠶᠢᠷᠢᠰᠢᠯ ᠵᠦᠢ ᠵᠣᠬᠢᠰᠲᠠᠢ᠂ ᠴᠢᠳᠠᠪᠬᠢ ᠬᠠᠷᠢᠯᠴᠠᠨ ᠨᠥᠬᠦᠪᠥᠷᠢᠯᠡᠭᠰᠡᠨ᠂ ᠣᠨᠴᠠᠯᠢᠭ ᠢᠯᠡ | ᠲᠣᠳᠣ ᠬᠤᠲᠠ ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠵᠦ᠂ ᠬᠤᠲᠠ ᠪᠠᠯᠭᠠᠰᠤᠵᠢᠯᠲᠠ ᠶᠢᠨ ᠨᠣᠷᠮ᠎ᠠ ᠶᠢ 58 % | ᠠᠴᠠ ᠳᠡᠭᠡᠭᠰᠢ ᠳᠤ ᠬᠦᠷᠭᠡᠵᠦ᠂ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠬᠤᠰᠢᠭᠤ ᠪᠣᠯᠭᠠᠬᠤ ᠪᠠᠷ ᠴᠢᠷᠮᠠᠶᠢᠨ᠎ᠠ᠃ | — ᠣᠷᠴᠢᠨ ᠲᠣᠭᠤᠷᠢᠨ ᠭᠤᠶᠤ ᠰᠠᠶᠢᠬᠠᠨ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ | ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠨᠡᠩ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠲᠠᠴᠠ ᠶᠢ ᠨᠡᠩ ᠪᠦᠷᠢᠨᠰᠢᠬᠦᠯᠵᠤ | ᠂ ᠣᠯᠢᠶᠠᠰᠣ ᠨᠠᠭᠤᠷ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠵᠤ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠠᠰᠢᠭᠯᠠᠬᠤ ᠶᠢ ᠵᠠᠰᠠᠵᠤ ᠪᠠᠷᠢᠮᠵᠢᠶ᠎ᠠ ᠳᠤ ᠬᠦᠷᠭᠡᠵᠦ ᠦᠷ᠎ᠡ ᠪᠦᠲᠦᠮᠵᠢ ᠭᠠᠷᠭᠠᠨ᠂ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 14 % ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠵᠦ᠂ ᠡᠭᠡ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | — ᠰᠢᠨ᠎ᠡ ᠶᠢ ᠡᠭᠦᠳᠴᠣ ᠦᠢᠯᠡᠰ ᠪᠣᠰᠬᠠᠬᠤ ᠠᠮᠢᠵᠢᠷᠠᠯ ᠤᠨ ᠬᠦᠴᠦᠨ ᠲᠠᠢ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠭᠤᠣᠯᠳᠠᠯᠭ᠎ᠠ ᠲᠠᠢ | ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠠᠷᠠᠯᠵᠢᠶ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠭᠤᠯᠵᠤ᠂ ᠰᠢᠨ᠎ᠡ ᠶᠢ | ᠡᠭᠦᠳᠬᠦ ᠲᠠᠪᠴᠠᠩ ᠲᠠᠢ᠂ ᠦᠢᠯᠡᠰ ᠪᠣᠰᠬᠠᠬᠤ ᠢᠳᠡ ᠬᠦᠴᠦᠨ ᠲᠠᠢ᠂ ᠲᠤᠯᠭᠠᠭᠤᠷᠢ ᠲᠠᠢ ᠪᠠᠶᠢᠬᠤ ᠪᠠᠷ ᠡᠮᠦᠨᠡᠲᠦ ᠬᠤᠰᠢᠭᠤᠨ ᠤ ᠭᠤᠣᠯ ᠥᠷᠢᠰᠦᠯᠳᠦᠬᠦ ᠬᠦᠴᠦᠨ | ᠪᠤᠯᠭᠠᠵᠤ᠂ ᠰᠢᠨ᠎ᠡ ᠶᠢ ᠡᠭᠦᠳᠬᠦ᠂ ᠦᠢᠯᠡᠰ ᠪᠣᠰᠬᠠᠬᠤ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠬᠠᠷᠢᠯᠴᠠᠨ ᠪᠠᠳᠠᠷᠠᠭᠰᠠᠨ ᠠᠮᠢᠳᠤᠯᠢᠭ ᠪᠠᠶᠢᠳᠠᠯ ᠢ ᠪᠦᠬᠦ | ᠲᠠᠯ᠎ᠠ ᠪᠠᠷ ᠢᠯᠡᠷᠡᠭᠦᠯᠦᠨ᠎ᠡ᠃ | — ᠡᠶ᠎ᠡ ᠵᠣᠬᠢᠴᠠᠩᠭᠤᠶ ᠠᠮᠤᠷ ᠲᠣᠭᠲᠠᠭᠤᠨ ᠵᠣᠯ ᠵᠢᠷᠭᠠᠯᠲᠤ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠦᠨᠳᠦᠰᠦᠨ ᠱᠠᠲᠤᠨ ᠤ | ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠬᠦᠯᠵᠦ᠂ ᠲᠥᠪ ᠭᠤᠤᠯᠴᠢ | ᠰᠢᠳᠤᠷᠭᠤ ᠶᠣᠰᠣ ᠨᠠᠩ ᠢᠯᠡᠷᠬᠡᠶ ᠪᠣᠯᠭᠠᠨ᠂ ᠬᠠᠤᠯᠢᠵᠢᠯ ᠤᠨ ᠪᠠᠶᠢᠭᠤᠯᠤᠯᠲᠠ ᠤᠳᠠᠭᠠᠨ ᠳᠠᠭᠠᠭᠠᠮᠠᠭᠠᠶ ᠠᠭᠢᠵᠤ᠂ ᠵᠠᠰᠠᠯᠲᠠ ᠦᠢᠯᠡᠴᠢᠯᠡᠭᠡ ᠪᠠᠨ ᠨᠠᠩ ᠬᠠᠯᠠᠭᠤᠨ | ᠳᠣᠲᠣᠨᠣ ᠪᠣᠯᠭᠠᠨ᠂ ᠣᠯᠠᠨ ᠲᠦᠮᠡᠨ ᠤ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠵᠤ᠂ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠡᠳᠦᠷ ᠢᠷᠡᠬᠦᠶ᠎ᠡ ᠬᠠᠩᠭᠠᠵᠤ᠂ | ᠪᠠᠴᠢᠮ ᠬᠦᠴᠢᠷᠳᠡᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠣᠰ ᠲᠣᠰ 4.6 ᠲᠦᠮᠡᠨ ᠲᠥᠭᠦᠷᠢᠭ ᠪᠠ 3.4 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠵᠦ᠂ ᠵᠢᠯ ᠳᠤᠮᠳᠠᠴᠢ ᠪᠠᠷ 6.5 % ᠪᠠ | 10 % ᠠᠴᠠ ᠳᠡᠭᠡᠭᠰᠢ ᠨᠡᠮᠡᠭᠳᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠬᠠᠮᠤᠭ ᠤᠨ ᠭᠤᠤᠯ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠪᠥᠭᠡᠳ | ᠥᠨᠳᠥᠷ ᠪᠦᠲᠦᠮᠵᠢᠲᠡᠶ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠵᠤ᠂ ᠠᠵᠠ ᠲᠣᠬᠢᠶᠠᠯ ᠢ ᠲᠡᠮᠡᠴᠡᠨ | ᠤᠯᠬᠤ ᠪᠠᠷ ᠴᠢᠷᠮᠠᠶᠢᠬᠤ ᠶᠠᠪᠤᠳᠠᠯ ᠪᠣᠯᠤᠨ᠎ᠠ︔ ᠬᠠᠮᠤᠭ ᠤᠨ ᠵᠠᠩᠭᠢᠯᠠᠭ᠎ᠠ ᠨᠢ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠴᠢᠩᠭ᠎ᠠ ᠬᠡᠷᠡᠭᠵᠢᠭᠦᠯᠵᠦ᠂ ᠪᠥᠬᠦ ᠲᠠᠯ᠎ᠠ ᠶᠢᠨ ᠴᠢᠨᠠᠷᠲᠠᠶ ᠲᠥᠯᠥᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠰᠢᠭᠤᠯᠤᠯᠲᠠ᠂ ᠪᠦᠬᠦᠯᠢ ᠴᠣᠭᠴᠠ ᠶᠢᠨ | ᠴᠢᠨᠠᠷᠲᠠᠶ ᠠᠬᠢᠭᠤᠯᠤᠯ ᠢ ᠴᠢᠩᠭᠠᠳᠬᠠᠵᠤ᠂ ︽ᠲᠥᠯᠥᠪᠵᠢᠭᠦᠯᠭᠡ ᠶᠢᠨ ᠵᠢᠷᠤᠭ︾᠂ ︽ᠵᠠᠮ ᠱᠤᠭᠤᠮ ᠤᠨ ᠵᠢᠷᠤᠭ︾ ᠢ ︽ᠪᠠᠷᠢᠯᠭ᠎ᠠ ᠶᠢᠨ ᠵᠢᠷᠤᠭ︾᠂ ︽ᠪᠣᠳᠠᠲᠤ | ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠶᠠᠪᠤᠳᠠᠯ ᠪᠣᠯᠤᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢ ᠤᠯᠤᠰ | ᠲᠥᠷᠥ ᠶᠢᠨ ᠬᠠᠷᠢᠭᠤᠴᠠᠯᠭ᠎ᠠ ᠶᠢ ᠨᠠᠩ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ︽ᠨᠢᠭᠡ ᠵᠤᠷᠪᠤᠰ ᠭᠤᠤᠯ | ᠱᠤᠭᠤᠮ︾ ᠢ ᠴᠢᠩᠭ᠎ᠠ ᠡᠵᠡᠮᠳᠡᠨ᠂ ︽ᠬᠤᠶᠠᠷ ᠶᠡᠭᠡ ᠪᠥᠲᠥᠭᠡᠨ ᠪᠠᠶᠢᠭᠤᠯᠤᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠲᠥᠷᠥᠯ ᠤᠨ ᠡᠯᠧᠮᠧᠨ᠋ᠲ︾ | ᠢ ᠬᠥᠭᠵᠢᠭᠡᠨ᠂ ︽ᠳᠥᠷᠪᠡᠨ ᠵᠦᠢᠯ ᠤᠨ ᠠᠵᠢᠯ︾ ᠢ ᠰᠠᠶᠢᠲᠤᠷ ᠬᠢᠵᠦ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠪᠠᠷ ᠨᠠᠷᠢᠨ ᠨᠢᠮᠪᠠᠶ ᠠᠵᠢᠯᠯᠠᠨ᠂ ︽ | ᠲᠡᠮᠡᠴᠡᠭᠴᠢ︾ ᠶᠢᠨ ᠳᠦᠷᠰᠦ ᠪᠠᠶᠢᠳᠠᠯ ᠢᠶᠠᠷ ᠰᠢᠨᠡᠴᠢᠯᠡᠯᠲᠡ ᠬᠢᠵᠦ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ︽ᠰᠢᠪᠲᠤᠯᠤᠯᠲᠠ ᠬᠢᠬᠦ︾ ᠵᠣᠷᠢᠭ ᠰᠠᠨᠠᠭ᠎ᠠ᠂ ︽ | ᠲᠡᠮᠡᠴᠡᠬᠦ︾ ᠵᠣᠷᠢᠭ ᠰᠠᠨᠠᠭ᠎ᠠ᠂ ︽ᠰᠢᠨ᠎ᠡ︾ ᠳᠦᠷᠰᠦ ᠪᠠᠶᠢᠳᠠᠯ ᠢᠶᠠᠷ ᠠᠵᠠ ᠲᠣᠬᠢᠶᠠᠯ ᠢ ᠠᠮᠵᠢᠨ᠂ ᠲᠠᠪᠤᠨ ᠵᠢᠯ ᠶᠡᠬᠡᠪᠡᠷ ᠠᠵᠢᠯᠯᠠᠵᠤ᠂ ᠪᠦᠬᠦ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ᠃ | ︵ᠨᠢᠭᠡ︶ ︽ᠨᠢᠭᠡ ᠭᠤᠣᠯ ᠱᠤᠭᠤᠮ︾ ᠲᠠᠢ ᠨᠢᠭᠲᠠ ᠤᠶᠠᠯᠳᠤᠭᠤᠯᠤᠨ᠂ ᠣᠳᠣ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢ ᠨᠠᠩ ᠦᠷ᠎ᠡ | ᠪᠦᠲᠦᠮᠵᠢ ᠲᠠᠢ ᠪᠣᠯᠭᠠᠨ᠎ᠠ᠃ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠭᠤᠤᠯ ᠱᠤᠭᠤᠮ ᠤᠨ ᠲᠣᠭᠤᠷᠢᠨ ᠳᠤ᠂ ︽ᠬᠥᠳᠡᠭᠡ ᠠᠵᠤ ᠠᠬᠤᠶ ᠪᠠᠷ | ᠰᠠᠭᠤᠷᠢ ᠲᠠᠯᠪᠢᠵᠤ᠂ ᠠᠵᠤ ᠦᠢᠯᠡᠳᠪᠦᠷᠢ ᠪᠠᠷ ᠲᠤᠯᠭᠠᠭᠤᠷᠢᠯᠠᠵᠤ᠂ ᠦᠢᠯᠡᠴᠢᠯᠡᠬᠡᠨ ᠤ ᠦᠢᠯᠡᠰ ᠢᠶᠠᠷ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ︾ ᠰᠡᠳᠬᠢᠴᠡ | ᠶᠣᠰᠣᠭᠠᠷ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡ ᠬᠦ ︽ᠵᠢᠯᠣᠭᠤ︾ ᠶᠢ ᠴᠢᠩᠭ᠎ᠠ ᠠᠳᠬᠤᠵᠤ᠂ ᠰᠢᠨ᠎ᠡ ᠶᠢ ᠡᠭᠦᠳᠬᠦ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠪᠣᠯᠤᠨ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠵᠡᠷᠭᠡ ᠪᠠᠷ ᠣᠷᠣᠭᠰᠢᠯᠠᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠪᠣᠯᠤᠨ ᠭᠠᠶᠢᠯᠢ ᠡᠭᠦᠳᠬᠦ ᠠᠵᠤ ᠦᠢᠯᠡᠰ ᠢ | ᠬᠠᠮᠲᠤ ᠪᠠᠷ ᠬᠦᠭᠵᠢᠭᠦᠯᠵᠦ᠂ ᠲᠣᠮᠣ ᠠᠵᠤ ᠠᠬᠤᠶᠢᠯᠠᠯ ᠪᠣᠯᠤᠨ ᠳᠤᠮᠳᠠ ᠪᠠᠭ᠎ᠠ ᠠᠵᠤ ᠠᠬᠤᠶᠢᠯᠠᠯ ᠢ ᠥᠷᠢᠰᠥᠯᠳᠦᠭᠦᠯᠦᠨ ᠬᠥᠭᠵᠢᠭᠡᠬᠦ ᠶᠢ ᠠᠬᠢᠭᠤᠯᠵᠤ᠂ ᠲᠣᠮᠣ | ᠲᠥᠷᠥᠯ ᠵᠦᠢᠯ ᠢᠶᠠᠷ ᠲᠣᠯᠭᠠᠭᠤᠷᠢᠯᠠᠭᠤᠯᠤᠨ᠂ ᠵᠢᠵᠢᠭ ᠲᠥᠷᠥᠯ ᠵᠦᠢᠯ ᠢ ᠣᠯᠠᠨ ᠬᠦᠭᠵᠢᠭᠦᠯᠬᠦ ᠪᠠᠶᠢᠳᠠᠯ ᠢ ᠪᠣᠶ ᠪᠣᠯᠭᠠᠨ᠎ᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠨᠠᠷᠢᠯᠢᠭ ᠬᠢᠨ᠎ᠡ᠃ ᠰᠠᠭᠤᠷᠢ ᠲᠠᠯᠪᠢᠬᠤ᠂ ᠠᠵᠤ ᠦᠢᠯᠡᠰ ᠢ ᠬᠦᠴᠦᠷᠬᠡᠭᠵᠢᠭᠦᠯᠬᠦ᠂ ᠠᠭᠤᠰᠤᠯᠴᠠᠯ ᠢ | ᠠᠬᠢᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ | ᠬᠥᠭᠵᠢᠭᠦᠯᠦᠨ᠎ᠡ᠃ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠮᠤ ᠪᠤᠳᠠᠭᠠᠨ ᠤ ᠬᠠᠩᠭᠠᠯᠭ᠎ᠠ ᠶᠢ ᠨᠡᠮᠡᠭᠳᠡᠭᠦᠯᠬᠦ ᠳᠤ ᠮᠡᠷᠭᠡᠵᠢᠯ ᠳᠤ ᠲᠦᠰᠢᠭᠯᠡᠨ᠂ ᠠᠮᠤ | ᠪᠤᠳᠠᠭᠠᠨ ᠤ ᠣᠨᠠᠯᠲᠠ ᠶᠢ ᠨᠡᠮᠡᠭᠳᠡᠭᠦᠯᠬᠦ ᠳᠤ ᠭᠠᠵᠠᠷ ᠰᠢᠷᠣᠢ ᠳᠤ ᠲᠦᠰᠢᠭᠯᠡᠬᠦ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠡᠷᠡᠰ | ᠬᠠᠮᠠᠭᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠳᠤᠨ | ᠭᠤᠤᠯ ᠤᠨ ᠤᠰᠤᠯᠠᠯᠲᠠ ᠶᠢᠨ ᠣᠷᠣᠨ ᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠨᠥᠬᠦᠴᠡᠯ ᠳᠤ | ᠨᠡᠶᠢᠴᠡᠬᠦ ᠲᠠᠷᠢᠶᠠᠨ ᠭᠠᠵᠠᠷ ᠲᠤ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠬᠢᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠳᠤᠮᠳᠠᠴᠢ ᠪᠠᠷ | ᠬᠤᠶᠠᠷ ᠳᠡᠰ ᠳᠡᠭᠡᠭᠰᠢᠯᠡᠭᠦᠯᠵᠦ᠂ ᠲᠣᠭᠲᠠᠭᠤᠨ ᠪᠥᠭᠡᠳ ᠥᠨᠳᠥᠷ ᠤᠨᠠᠯᠲᠠ ᠲᠠᠢ ᠲᠠᠷᠢᠶᠠᠨ ᠭᠠᠵᠠᠷ ᠢ 90 % ᠠᠴᠠ ᠳᠡᠭᠡᠭᠰᠢ ᠳᠤ ᠬᠦᠷᠦᠭᠦᠯᠵᠦ᠂ ᠪᠣᠬᠢᠷᠲᠤᠯ | ᠥᠬᠡᠶ ᠣᠷᠭᠠᠨᠢᠭ ᠲᠠᠷᠢᠮᠠᠯ ᠤᠨ ᠰᠠᠭᠤᠷᠢᠨ ᠭᠠᠵᠠᠷ ᠢ 30 ᠲᠦᠮᠡᠨ ᠮᠤ᠋ ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠠᠨᠠᠶ᠂ | ᠲᠦᠬᠦᠷᠵᠢᠬᠦᠯᠦᠯᠳᠡ ᠶᠢᠨ ᠬᠢᠷᠢ ᠬᠡᠮᠵᠢᠶ᠎ᠡ ᠳᠤᠤᠷ᠎ᠠ ᠵᠡᠷᠭᠡ ᠭᠠᠷᠤᠯᠲᠠ ᠪᠠ ᠣᠷᠣᠯᠭ᠎ᠠ ᠶᠢ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ ᠬᠦᠴᠦᠯᠡᠨ | ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠯ᠂ ᠮᠠᠰᠢᠨᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠬᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠣ᠂ ᠣᠷᠣᠨ ᠪᠠᠶᠢᠷᠢ ᠰᠣᠯᠪᠢᠴᠠᠨ ᠬᠥᠭᠵᠢᠬᠦ | ᠰᠡᠳᠬᠢᠴᠡ ᠪᠠᠷ ᠾᠧ ᠰᠢᠩ᠂ ᠲᠢᠶᠠᠨ ᠾᠧᠩ᠂ ᠮᠧᠩ ᠨᠢᠤ᠂ ᠮᠦ ᠶᠤᠸᠠᠨ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠵᠣ᠂ ᠣᠯᠢᠶᠠᠰᠣ ᠨᠠᠭᠤᠷ ᠢ ᠲᠣᠭᠤᠷᠢᠭᠰᠠᠨ ︽ᠨᠢᠭᠡ ᠲᠣᠭᠤᠷᠢᠭ︾ ᠪᠠ 110 ᠤᠯᠤᠰ ᠤᠨ ᠵᠠᠮ ᠳᠠᠭᠠᠤ᠂ 311 ᠮᠤᠵᠢ ᠶᠢᠨ ᠵᠠᠮ ᠤᠨ ︽ᠬᠤᠶᠠᠷ | ᠱᠤᠭᠤᠮ︾ ᠳᠠᠭᠠᠤ ᠶᠢᠨ 8 ᠠᠵᠤ ᠦᠢᠯᠡᠰ ᠤᠨ ᠲᠥᠪᠯᠡᠷᠡᠭᠰᠡᠨ ᠣᠷᠣᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠨᠢᠭᠡ ᠤᠯᠤᠰ ᠤᠨ ᠲᠡᠰ ᠤᠨ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠤᠶᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠴᠣᠭᠴᠠ᠂ ᠨᠢᠭᠡ ᠪᠦᠯᠦᠭ ᠪᠠᠷᠢᠮᠵᠢᠶᠠᠵᠢᠭᠰᠠᠨ ᠪᠣᠬᠢᠷᠲᠤᠯ ᠦᠭᠡᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠂ ᠡᠷᠳᠡᠨᠢ ᠰᠢᠰᠢ᠂ | ᠨᠡᠷᠡᠨ ᠬᠤᠸᠠᠷ᠂ ᠬᠤᠯᠤ ᠵᠡᠷᠭᠡ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠢᠲᠠᠳ | ᠡᠪᠡᠰᠦᠨ ᠡᠮ᠂ ᠢᠳᠡᠰᠢᠨ ᠮᠥᠭᠦ᠂ ᠲᠥᠬᠦᠭᠡᠷᠦᠮᠵᠢᠲᠦ ᠵᠢᠮᠢᠰ ᠢᠳᠡᠰᠢᠨ ᠨᠣᠭᠤᠭ᠎ᠠ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ | ᠠᠯᠠᠰᠢᠨ ᠬᠤᠨᠢ᠂ ᠰᠠᠭᠠᠯᠢ ᠶᠢᠨ ᠦᠨᠢᠶ᠎ᠡ᠂ ᠭᠠᠭ᠋ᠠᠢ ᠵᠡᠷᠭᠡ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ ᠮᠠᠯ ᠠᠵᠤ ᠠᠬᠤᠢ ᠶᠢ ᠲᠦᠷᠭᠡᠳᠬᠡᠨ | ᠬᠦᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠬᠠᠮᠤᠭ ᠤᠨ ᠲᠣᠮᠣ ᠯᠠᠵᠤᠤ ᠪᠥᠭᠡᠮ ᠢᠶᠠᠷ ᠬᠤᠳᠠᠯᠳᠤᠬᠤ ᠲᠥᠪᠯᠡᠷᠡᠭᠦᠯᠦᠨ ᠲᠠᠷᠬᠠᠭᠠᠬᠤ | ᠵᠠᠬ᠎ᠠ ᠳᠡᠯᠭᠡᠭᠦᠷ ᠪᠠ ᠠᠯᠠᠰᠢᠨ ᠬᠤᠨᠢᠨ ᠤ ᠠᠷᠠᠯᠵᠢᠶᠠᠨ ᠤ ᠭᠠᠵᠠᠷ ᠢ ᠪᠣᠶ ᠪᠤᠯᠭᠠᠵᠤ᠂ ᠯᠠᠵᠤᠤ ᠪᠠ ᠠᠯᠠᠰᠢᠨ ᠬᠤᠨᠢᠨ ᠤ ᠠᠵᠤ ᠦᠢᠯᠡᠰ ᠤᠨ ᠪᠠᠷᠢᠮᠵᠢᠶᠠᠵᠢᠯᠲᠠ᠂ | ᠭᠦᠨᠵᠡᠭᠡᠶᠢᠷᠡᠯᠲᠡ ᠵᠦᠭ ᠬᠦᠭᠵᠢᠬᠦ ᠶᠢ ᠠᠬᠢᠭᠤᠯᠵᠤ᠂ ᠪᠢᠳᠡᠨ ᠤ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠦᠬᠦ ᠤᠯᠤᠰ ᠲᠤ | ᠪᠣᠷᠣᠯᠠᠭᠤᠯᠤᠨ᠎ᠠ᠃ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠢ ᠶᠡᠬᠡᠪᠡᠷ ᠣᠷᠣᠭᠤᠯᠵᠤ ᠢᠷᠡᠨ | ᠪᠤᠶᠢᠵᠢᠭᠤᠯᠵᠤ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠯᠡᠬᠦᠯᠬᠦ ᠠᠵᠤ ᠦᠢᠯᠡᠰ ᠢ ᠢᠳᠡᠪᠬᠢᠲᠡᠶ ᠪᠠᠷ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠨᠡᠮᠡᠭᠳᠡᠭᠦᠯᠦᠨ᠎ᠡ᠃ 2026 ᠣᠨ ᠪᠣᠯᠬᠤ ᠳᠤ᠂ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ 6 ᠠᠴᠠ ᠳᠡᠭᠡᠭᠰᠢ ᠣᠷᠣᠭᠤᠯᠤᠨ ᠪᠤᠶᠢᠵᠢᠭᠤᠯᠵᠤ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ | ᠵᠢᠴᠢ ᠨᠠᠷᠠᠲᠤ ᠰᠢᠯᠢᠳᠡᠭ ᠣᠨᠴᠠ ᠰᠢᠨ᠎ᠡ ᠭᠡᠷᠡᠴᠢᠯᠡᠯ ᠤᠨ ᠦᠢᠯᠡᠳᠭᠦᠨ ᠤ ᠲᠤᠭ᠎ᠠ ᠬᠡᠮᠵᠢᠶ᠎ᠡ ᠶᠢ ᠣᠲᠣ ᠶᠢᠨ ᠰᠠᠭᠤᠷᠢᠨ ᠳᠡᠭᠡᠷ᠎ᠡ ᠶᠠᠳᠠᠬᠤ ᠳᠠᠭᠠᠨ ᠨᠢᠭᠡ ᠳᠠᠬᠢᠨ | ᠨᠡᠮᠡᠭᠳᠡᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠭᠦᠯᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠬᠤᠶᠠᠷ ᠶᠡᠭᠡ ᠭᠤᠤᠯᠯᠠᠬᠤ ᠡᠭᠦᠷᠭᠡ ᠶᠢᠨ ᠲᠣᠭᠤᠷᠢᠨ ᠳᠤ᠂ | ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠢᠯᠡᠳᠭᠦᠨ ᠤ ᠥᠷᠲᠡᠭ ᠨᠢ ᠵᠠᠭᠤᠨ | ᠳ᠋ᠦᠩᠰᠢᠭᠤᠷ ᠲᠥᠭᠦᠷᠢᠭ ᠢ ᠳᠠᠪᠠᠭᠰᠠᠨ ︽ᠮᠢᠩᠭᠠᠨ ᠲᠦᠮᠡᠨ ᠲᠣᠨ ᠤ ᠲᠠᠰ ᠤᠨ ᠲᠡᠮᠦᠷ ᠢᠶᠠᠷ ᠰᠣᠩᠭᠤᠭᠰᠠᠨ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠤᠨ | ᠰᠠᠭᠤᠷᠢᠨ ᠭᠠᠵᠠᠷ︾ ᠪᠠ ︽ᠵᠠᠭᠤᠨ ᠲᠦᠮᠡᠨ ᠺᠢᠯᠣᠸᠠᠲ ᠤᠨ ᠲᠠᠰ ᠤᠨ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ ᠰᠠᠭᠤᠷᠢᠨ ᠭᠠᠵᠠᠷ︾ ᠢ | ᠴᠢᠷᠮᠠᠶᠢᠨ ᠪᠠᠶᠢᠭᠤᠯᠤᠨ᠎ᠠ᠃2026 ᠣᠨ ᠪᠣᠯᠬᠤ ᠳᠤ᠂ ᠠᠵᠤ ᠦᠢᠯᠡᠳᠪᠦᠷᠢ ᠶᠢᠨ ᠦᠢᠯᠡᠳᠭᠦᠨ ᠤ ᠥᠷᠲᠡᠭ ᠢ 400 ᠳ᠋ᠦᠩᠰᠢᠭᠤᠷ ᠲᠥᠭᠦᠷᠢᠭ ᠢ | ᠳᠠᠪᠠᠭᠤᠯᠬᠤ ᠪᠠᠷ ᠴᠢᠷᠮᠠᠶᠢᠵᠤ᠂ 2021 ᠣᠨ ᠤ ᠬᠢ ᠠᠴᠠ 50 % ᠠᠴᠠ ᠳᠡᠭᠡᠭᠰᠢ ᠨᠡᠮᠡᠭᠳᠡᠭᠦᠯᠦᠨ᠎ᠡ᠃ | ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠭᠤᠷᠬᠠᠶ ᠮᠠᠯᠲᠠᠵᠤ | ᠰᠢᠯᠢᠬᠦ ᠪᠠ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠢ ᠦᠭᠡᠶᠢᠵᠢᠭᠦᠯᠬᠦ᠂ ᠠᠦ᠋ᠲ᠋ᠣᠴᠢᠯᠠᠬᠤ᠂ ᠤᠶᠤᠨᠴᠢᠯᠠᠬᠤ | ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠨᠠᠷᠢᠯᠢᠭ ᠭᠦᠨᠵᠡᠭᠡᠶ ᠡᠳ᠋ᠰᠢᠭᠦᠯᠬᠦ ᠬᠡᠮᠵᠢᠶ᠎ᠡ ᠪᠠ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ ᠦᠨᠡᠨᠬᠦ ᠳᠡᠭᠡᠭᠰᠢᠯᠡᠬᠦᠯᠦᠨ᠎ᠡ᠃ ᠠᠭᠤᠷᠬᠠᠢ ᠮᠠᠯᠲᠠᠵᠤ ᠰᠢᠯᠢᠬᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ | ᠡᠷᠴᠢᠮ ᠢ ᠨᠡᠮᠡᠭᠳᠡᠭᠦᠯᠦᠨ᠂ ᠳ᠋ᠠ ᠵᠦᠢᠩ᠂ ᠬᠤᠸᠠ ᠲᠦᠸᠧ ᠵᠡᠷᠭᠡ ᠠᠭᠤᠷᠬᠠᠶ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ | ᠬᠤᠶᠠᠷ ᠵᠢᠯ ᠤᠨ ᠳᠣᠲᠣᠷ᠎ᠠ ᠨᠡᠭᠦᠷᠡᠰᠦᠨ ᠤ ᠪᠤᠰᠤ ᠠᠭᠤᠷᠬᠠᠶ ᠶᠢ ᠪᠦᠬᠦᠨ ᠢ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢᠨ ᠬᠡᠪᠴᠢᠶ᠎ᠡ ᠳᠤ ᠬᠦᠷᠦᠭᠦᠯᠵᠦ᠂ ᠠᠭᠤᠷᠬᠠᠶ | ᠨᠡᠭᠡᠭᠡᠬᠦ ︽ᠵᠢᠵᠢᠭ ᠲᠠᠷᠠᠬᠠᠶ ᠪᠤᠲᠠᠷᠬᠠᠶ ᠡᠷᠦᠶ ᠬᠤᠷᠤᠶ ᠦᠭᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠲᠡᠮᠦᠷ ᠤᠨ ᠬᠦᠳᠡᠷ ᠮᠠᠯᠲᠠᠬᠤ | ᠴᠢᠳᠠᠪᠤᠷᠢ ᠶᠢ 5000 ᠲᠦᠮᠡᠨ ᠲᠣᠨ ᠠᠴᠠ ᠳᠡᠭᠡᠭᠰᠢ ᠳᠤ ᠬᠦᠷᠭᠡᠨ᠂ ᠲᠡᠮᠦᠷ ᠤᠨ ᠨᠠᠷᠢᠯᠢᠭ ᠨᠤᠨᠲᠠᠭ ᠤᠨ ᠪᠣᠳᠠᠲᠠᠶ ᠭᠠᠷᠤᠯᠲᠠ ᠶᠢ 800 ᠲᠦᠮᠡᠨ ᠲᠣᠨ ᠠᠴᠠ | ᠳᠡᠭᠡᠭᠰᠢ ᠳᠤ ᠬᠦᠷᠦᠭᠦᠯᠵᠦ᠂ ᠢᠰᠦᠯᠳᠦᠭᠰᠡᠨ ᠪᠦᠮᠪᠦᠭᠡᠯᠢᠭ ᠪᠥᠭᠡᠮ ᠤᠨ ᠦᠢᠯᠡᠳᠪᠦᠷᠢᠯᠡᠬᠦ ᠴᠢᠳᠠᠪᠤᠷᠢ ᠶᠢ 200 ᠲᠦᠮᠡᠨ ᠲᠣᠨ ᠠᠴᠠ ᠳᠡᠭᠡᠭᠰᠢ ᠳᠤ ᠬᠦᠷᠭᠡᠨ᠂ | ᠮᠢᠩᠭᠠᠨ ᠲᠦᠮᠡᠨ ᠲᠣᠨ ᠤ ᠲᠠᠰ ᠤᠨ ᠲᠡᠮᠦᠷ ᠤᠨ ᠬᠦᠳᠡᠷ ᠰᠢᠯᠢᠬᠦ ᠴᠢᠬᠤᠯᠠ ᠰᠠᠭᠤᠷᠢᠨ ᠭᠠᠵᠠᠷ ᠢ ᠪᠠᠶᠢᠭᠤᠯᠵᠤ᠂ ᠲᠡᠮᠦᠷ ᠤᠨ ᠬᠦᠳᠡᠷ ᠰᠢᠯᠢᠬᠦ ᠠᠵᠤ ᠠᠬᠤᠶᠢᠯᠠᠯ ᠤᠨ | ᠭᠠᠶᠢᠯᠢ ᠲᠠᠲᠠᠪᠤᠷᠢ ᠶᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠣᠷᠴᠢᠯᠵᠢᠨ ᠬᠥᠭᠵᠢᠬᠦ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠴᠢᠩ ᠬᠤᠸᠠ᠂ ᠶᠢᠨ ᠱᠧᠩ ᠬᠤᠶ ᠵᠡᠷᠭᠡ ᠠᠵᠤ ᠠᠬᠤᠶᠢᠯᠠᠯ ᠤᠨ ᠠᠵᠤ ᠦᠢᠯᠡᠰ ᠤᠨ | ᠬᠡᠯᠬᠢᠶ᠎ᠡ ᠪᠠᠨ ᠤᠷᠲᠤᠳᠬᠠᠬᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠲᠡᠮᠦᠷ ᠤᠨ | ᠬᠠᠶᠢᠯᠤᠰᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢᠨ ᠰᠣᠯᠢᠭᠳᠠᠯ ᠢ ᠲᠦᠷᠭᠡᠳᠬᠡᠵᠦ᠂ ᠣᠬᠤᠷ ᠬᠤᠭᠤᠴᠠᠭᠠᠨ ᠤ ᠡᠪᠡᠷᠰᠢᠶᠡᠯ ᠢᠶᠠᠷ ᠤᠷᠲᠤ | ᠬᠤᠭᠤᠴᠠᠭᠠᠨ ᠤ ᠠᠰᠢᠭ ᠲᠤᠰᠠ ᠶᠢ ᠰᠣᠯᠢᠵᠤ ᠠᠪᠴᠢᠷᠠᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠪᠴᠢᠯᠡᠨ ᠬᠥᠭᠵᠢᠬᠦ ᠶᠢ ᠲᠦᠯᠬᠢᠨ | ᠠᠬᠢᠭᠤᠯᠤᠨ᠎ᠠ᠃ᠬᠤᠸᠠ ᠷᠦᠨ ᠴᠠᠬᠢᠯᠭᠠᠨ ᠬᠦᠴᠦᠨ᠂ ᠳ᠋ᠦᠩ ᠯᠢ ᠭᠡᠷᠡᠯ ᠤᠨ ᠴᠡᠨᠡᠭ᠂ ᠶᠠᠩ ᠭᠤᠸᠠᠩ ᠡᠨᠧᠷᠭᠢ ᠵᠡᠷᠭᠡ ᠨᠢᠭᠡ ᠪᠦᠯᠦᠭ ᠬᠥᠲᠥᠴᠢ ᠠᠵᠤ ᠠᠬᠤᠶᠢᠯᠠᠯ | ᠪᠣᠯᠤᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠵᠣ᠂ ᠲᠠᠯᠠᠰᠲᠤ ᠴᠠᠬᠢᠭᠤᠷ ᠵᠢᠴᠢ | ᠲᠠᠭᠠᠤ ᠦᠢᠯᠡᠰ᠂ ᠰᠠᠯᠬᠢ ᠭᠡᠷᠡᠯ ᠴᠠᠬᠢᠯᠭᠠᠨ᠂ ᠤᠰᠤᠲᠥ᠋ᠷᠥᠭᠴᠢ ᠬᠠᠳᠠᠭᠠᠯᠠᠬᠤ ᠡᠨᠧᠷᠭᠢ ᠵᠡᠷᠭᠡ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ᠎ᠡ᠃ ᠤᠯᠤᠰ ᠤᠨ | ᠬᠠᠲᠤᠨ ᠭᠤᠤᠯ ᠤᠨ ︽ 几︾ ᠥᠰᠥᠭ ᠤᠨ ᠮᠣᠷᠣᠶᠢᠯᠲᠠ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠠᠰᠢᠭᠲᠠᠶ ᠠᠵᠠ ᠲᠣᠬᠢᠶᠠᠯ | ᠪᠠ ᠣᠲᠣ ᠶᠢᠨ ᠪᠠᠶᠢᠭ᠎ᠠ ᠲᠠᠯᠠᠰᠲᠤ ᠴᠠᠬᠢᠭᠤᠷ ᠤᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠬᠡᠷᠡᠯ ᠴᠡᠨᠡᠭ ᠦᠢᠯᠡᠳᠬᠦ ᠬᠡᠷᠡᠭᠯᠡᠭᠡᠨ ᠤ ᠪᠥᠬᠦ ᠠᠵᠤ | ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠪᠣᠶ ᠪᠣᠯᠭᠠᠵᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ᠂ ︽ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠥᠭᠡᠴᠡ︾ | ᠶᠢ ᠨᠢᠭᠡ ᠴᠣᠭᠴᠠᠵᠢᠭᠤᠯᠬᠤ ᠪᠠ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠬᠦ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠦᠢᠯᠡᠳᠭᠦᠨ ᠤ | ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠵᠠᠭᠤᠨ ᠲᠦᠮᠡᠨ ᠺᠢᠯᠣᠸᠠᠲ ᠤᠨ ᠲᠠᠰ ᠤᠨ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ | ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠷᠬᠢᠨ ᠲᠣᠭᠤᠷᠢᠨ ᠤ ᠴᠠᠬᠢᠯᠭᠠᠨ ᠬᠡᠷᠡᠭᠯᠡᠬᠦ ᠲᠣᠮᠣ ᠡᠷᠦᠬᠡ ᠳᠤ ᠪᠣᠬᠢᠷᠳᠣᠯ ᠦᠭᠡᠢ ᠴᠠᠬᠢᠯᠭᠠᠨ ᠢ | ᠬᠦᠢᠴᠡᠳ ᠬᠠᠩᠭᠠᠵᠤ᠂ ᠪᠣᠬᠢᠷᠳᠣᠯ ᠦᠭᠡᠢ ᠴᠠᠬᠢᠯᠭᠠᠨ ᠢ ᠰᠢᠩᠭᠡᠭᠡᠬᠦ ᠪᠠ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ︽ᠬᠤᠤᠰ ᠢᠯᠠᠯᠲᠠ︾ ᠶᠢ | ᠪᠡᠶᠡᠯᠡᠭᠦᠯᠦᠨ᠎ᠡ᠃ ᠤᠯᠤᠰ ᠤᠨ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠬᠦᠷ | ᠲᠥᠷᠥ ᠶᠢᠨ ᠪᠣᠳᠣᠯᠭ᠎ᠠ ᠶᠢ ᠪᠦᠲᠦᠭᠡᠨ ᠪᠠᠶᠢᠭᠤᠯᠬᠤ ᠳᠤ ᠲᠦᠰᠢᠭᠯᠡᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠢᠳᠡᠪᠬᠢᠲᠡᠶ ᠪᠠᠷ | ᠬᠥᠭᠵᠢᠭᠦᠯᠵᠦ᠂ 2026 ᠣᠨ ᠪᠣᠯᠬᠤ ᠳᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 50% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠡᠷᠴᠢᠮᠵᠢᠭᠰᠡᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠨᠢ ︽ᠪᠣᠬᠢᠷᠲᠤᠯ | ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠠᠵᠤ ᠦᠢᠯᠡᠰ ᠤᠨ ᠬᠦᠷᠢᠶᠡᠯᠡᠩ ᠲᠣᠭᠤᠷᠢᠭ︾ ᠪᠠ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠬᠦᠷᠢᠶᠡᠯᠡᠩ ᠲᠣᠭᠤᠷᠢᠭ︾ ᠲᠠᠢ ᠪᠠᠶᠢᠷᠢ ᠰᠣᠯᠪᠢᠴᠠᠨ ᠬᠥᠭᠵᠢᠵᠦ᠂ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠶᠢᠨ ᠲᠤᠭᠳᠠᠯᠴᠠᠭ᠎ᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠦᠢᠯᠡᠴᠢᠯᠡᠬᠡᠨ ᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠴᠢᠩᠭᠠᠷᠠᠭᠤᠯᠤᠨ᠂ ᠲᠥᠷᠥᠯ ᠵᠦᠢᠯ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢᠨ | ᠬᠥᠭᠵᠢᠯᠲᠡ ᠲᠠᠢ ᠤᠶᠠᠯᠳᠤᠭᠤᠯᠤᠨ᠂ ︽ᠳᠠᠩ ᠨᠡᠭᠦᠷᠡᠰᠦᠲᠥ᠋ᠷᠥᠭᠴᠢᠲᠦ ᠪᠣᠬᠢᠷᠳᠣᠯ ᠦᠭᠡᠢ ᠴᠠᠬᠢᠯᠭᠠᠨ︾ ᠲᠤᠰᠬᠠᠶ ᠬᠠᠩᠭᠠᠬᠤ ᠬᠦᠷᠢᠶᠡᠯᠡᠩ ᠲᠣᠭᠤᠷᠢᠭ ᠢ | ᠰᠦᠪᠡᠭᠴᠢᠯᠡᠨ ᠠᠬᠢᠭᠤᠯᠵᠤ᠂ ᠡᠨᠧᠷᠭᠢ ᠬᠡᠷᠡᠭᠯᠡᠬᠦ ᠣᠷᠣᠨ ᠵᠠᠶ ᠶᠢ ᠥᠷᠭᠡᠳᠬᠡᠨ᠂ ᠡᠨᠧᠷᠭᠢ ᠶᠢᠨ ᠬᠤᠷᠣᠭᠳᠠᠯ ᠤᠨ ᠪᠣᠭᠤᠮᠢ ᠶᠢ ᠰᠢᠪᠲᠤᠯᠵᠤ᠂ ︽ᠪᠣᠬᠢᠷᠲᠤᠯ ᠥᠬᠡᠶ | ᠬᠦᠷᠢᠶᠡᠯᠡᠩ ᠲᠣᠭᠤᠷᠢᠭ︾ ᠢ ᠦᠨᠡᠨᠬᠦ ᠪᠠᠶᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠢ ᠠᠮᠢᠳᠤᠯᠢᠭ ᠪᠥᠭᠡᠳ ᠰᠢᠯᠢᠳᠡᠭᠵᠢᠭᠦᠯᠦᠨ᠎ᠡ᠃ ᠦᠢᠯᠡᠴᠢᠯᠡᠬᠡᠨ ᠤ ᠦᠢᠯᠡᠰ ᠢ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠵᠣ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠬᠦ ᠬᠦᠴᠦᠨ ᠪᠣᠯᠭᠠᠵᠤ᠂ 2026 ᠣᠨ | ᠪᠣᠯᠬᠤ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠦᠢᠯᠡᠴᠢᠯᠡᠬᠡᠨ ᠤ ᠦᠢᠯᠡᠰ ᠤᠨ ᠡᠵᠡᠯᠡᠬᠦ ᠬᠤᠪᠢ ᠶᠢᠨ ᠵᠢᠩ ᠢ 40 % ᠠᠴᠠ | ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠬᠠᠲᠤᠨ ᠭᠤᠤᠯ ᠤᠨ ︽几︾ ᠥᠰᠥᠭ ᠤᠨ ᠮᠤᠷᠦ᠋ᠢᠯᠲᠠ ᠶᠢᠨ ᠰᠣᠶᠣᠯ ᠵᠢᠭᠤᠯᠴᠢᠯᠠᠯ ᠤᠨ ᠪᠦᠰᠡ ᠶᠢ ᠴᠣᠭᠴᠠᠯᠠᠬᠤ ᠪᠠᠷ ᠲᠣᠬᠢᠶᠠᠯ ᠪᠣᠯᠭᠠᠵᠤ᠂ ᠵᠢᠭᠤᠯᠴᠢᠯᠠᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠭᠤᠯᠠ ᠤᠰᠤ ᠣᠢ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦᠨ ᠤ ᠡᠬᠢ ᠪᠠᠶᠠᠯᠢᠭ ᠤᠨ ᠳᠠᠪᠠᠭᠤᠯᠢᠭ ᠪᠠ ᠣᠯᠠᠨ ᠡᠰᠢᠲᠦ ᠰᠣᠶᠣᠯ ᠤᠨ ᠳᠠᠪᠠᠭᠤᠯᠢᠭ ᠲᠠᠢ ᠤᠶᠠᠯᠳᠤᠭᠤᠯᠵᠤ᠂ ᠣᠯᠢᠶᠠᠰᠣ ᠨᠠᠭᠤᠷ ᠤᠨ ᠰᠠᠪᠠ | ᠭᠠᠵᠠᠷ ᠤᠨ ᠵᠠᠰᠠᠯᠲᠠ ᠪᠠᠷ ᠪᠦᠷᠢᠯᠳᠦᠭᠰᠡᠨ ᠲᠤᠤᠷᠵᠢᠭᠰᠠᠨ ᠤᠰᠤᠨ ᠵᠠᠮ ᠂ ᠳᠠᠯᠠᠩ ᠤᠨ ᠵᠠᠰᠠᠮᠠᠯ ᠵᠠᠮ᠂ 6 ᠲᠦᠮᠡᠨ ᠮᠦ ᠲᠠᠯ᠎ᠠ ᠨᠤᠲᠤᠭ ᠵᠡᠷᠭᠡ ᠠᠮᠢ ᠠᠬᠤᠢ ᠶᠢᠨ | ᠦᠷ᠎ᠡ ᠪᠦᠲᠦᠭᠡᠯ ᠢ ᠬᠦᠢᠴᠡᠳ ᠠᠰᠢᠭᠯᠠᠵᠤ᠂ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠤᠨ᠂ ᠵᠤᠭᠠᠴᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠤᠨ᠂ | ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ 4A ᠲᠠᠰ ᠤᠨ 1᠂ 3 A ᠲᠠᠰ ᠤᠨ 2 ᠵᠢᠭᠤᠯᠴᠢᠯᠠᠯ ᠤᠨ ᠦᠵᠡᠮᠵᠢ ᠶᠢᠨ ᠣᠷᠣᠨ ᠳᠤ | ᠰᠢᠨ᠎ᠡ ᠪᠠᠷ ᠳᠡᠪᠰᠢᠬᠦ ᠪᠠᠷ ᠴᠢᠷᠮᠠᠶᠢᠵᠤ᠂ ᠨᠢᠭᠡ ᠡᠳᠦᠷ ᠤᠨ ᠵᠢᠭᠤᠯᠴᠢᠯᠠᠯ ᠠᠴᠠ ᠣᠯᠠᠨ ᠡᠳᠦᠷ ᠤᠨ ᠵᠢᠭᠤᠯᠴᠢᠯᠠᠯ ᠂ ᠲᠣᠭᠤᠷᠢᠨ ᠵᠢᠭᠤᠯᠴᠢᠯᠠᠯ ᠠᠴᠠ ᠭᠦᠨᠴᠡ | ᠵᠢᠭᠤᠯᠴᠢᠯᠠᠯ ᠂ ᠦᠵᠡᠮᠵᠢ ᠶᠢᠨ ᠭᠠᠵᠠᠷ ᠤᠨ ᠵᠢᠭᠤᠯᠴᠢᠯᠠᠯ ᠠᠴᠠ ᠪᠥᠬᠦ ᠣᠷᠣᠨ ᠪᠦᠰᠡ ᠶᠢᠨ ᠵᠢᠭᠤᠯᠴᠢᠯᠠᠯ ᠳᠠᠰᠢ ᠬᠤᠪᠢᠷᠠᠭᠤᠯᠬᠤ ᠶᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠬᠡᠰᠡᠭ ᠤᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ | ᠬᠦᠢᠯᠭᠡᠭᠡᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠬᠠᠰ ᠡᠳ᠋ᠯᠡᠯ ᠤᠨ ᠲᠣᠣᠷ ᠰᠦᠯᠵᠢᠶ᠎ᠡ ᠶᠢᠨ ᠪᠣᠷᠣᠯᠠᠭᠤᠯᠭ᠎ᠠ ᠶᠢᠨ ᠤᠷᠤᠰᠴᠠ ᠶᠢᠨ ᠳᠠᠪᠠᠭᠤᠯᠢᠭ ᠢ | ᠪᠠᠬᠢᠵᠢᠭᠦᠯᠦᠨ ᠳᠡᠭᠡᠭᠰᠢᠯᠡᠭᠦᠯᠵᠦ᠂ ᠲᠣᠣᠷ ᠰᠦᠯᠵᠢᠶ᠎ᠡ ᠶᠢᠨ ᠪᠣᠷᠣᠯᠠᠭᠤᠯᠭ᠎ᠠ ᠶᠢᠨ ᠤᠷᠤᠰᠴᠠ ᠶᠢ ᠡᠮᠬᠢᠯᠡᠨ ᠨᠡᠶᠢᠯᠡᠭᠦᠯᠵᠦ ᠲᠥᠪᠯᠡᠷᠡᠭᠦᠯᠬᠦ ᠶᠢ ᠠᠬᠢᠭᠤᠯᠤᠨ᠂ ᠡᠵᠡᠩᠨᠡᠵᠦ | ᠬᠠᠮᠢᠶᠠᠷᠬᠤ ᠪᠠᠨ ᠪᠦᠬᠦᠯᠢ ᠴᠣᠭᠴᠠ ᠪᠠᠷ ᠳᠡᠭᠡᠭᠰᠢᠯᠡᠭᠦᠯᠵᠦ᠂ ᠪᠠᠷᠠᠭ᠎ᠠ ᠠᠪᠴᠤ ᠶᠠᠪᠤᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠬᠤᠲᠠ | ᠴᠢᠨᠠᠭᠰᠢᠯᠠᠪᠠᠯ ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠳᠠᠭᠤᠷᠢᠶᠠᠯ ᠰᠠᠭᠤᠷᠢᠨ ᠭᠠᠵᠠᠷ ᠢ ᠪᠠᠶᠢᠭᠤᠯᠵᠤ᠂ ᠨᠠᠩ ᠣᠯᠠᠨ | ᠨᠤᠳᠤᠭ ᠤᠨ ᠣᠨᠴᠠᠯᠢᠭᠲᠤ ᠴᠢᠨᠠᠷ ᠰᠠᠶᠢᠲᠠᠢ ᠦᠢᠯᠡᠳᠬᠦᠨ ᠢ ᠡᠯᠧᠺᠲᠷᠣᠨ ᠬᠤᠳᠠᠯᠳᠤᠭᠠᠨ ᠤ ᠬᠤᠷᠳᠤᠨ ᠲᠡᠷᠭᠡᠨ ᠳᠤ ᠰᠠᠭᠤᠯᠭᠠᠵᠤ᠂ ︽ᠰᠦᠯᠵᠢᠶᠡᠨ ᠳᠤ ᠭᠠᠷᠬᠤ︾ | ᠶᠢ ᠪᠡᠶᠡᠯᠡᠭᠦᠯᠦᠨ᠎ᠡ᠃ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠪᠠᠷᠠᠭ᠎ᠠ ᠶᠢᠨ ᠬᠦᠢᠯᠭᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ | ᠪᠠᠷᠠᠭ᠎ᠠ ᠶᠢᠨ ᠬᠦᠢᠯᠭᠡᠭᠡᠨ ᠤ ᠠᠵᠤ ᠦᠢᠯᠡᠰ ᠬᠢᠭᠡᠳ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠳᠤ | ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠢᠳᠡᠪᠬᠢᠲᠡᠢ ᠪᠠᠷ ᠬᠥᠭᠵᠢᠭᠦᠯᠦᠨ᠎ᠡ᠃ ᠪᠣᠳᠠᠲᠤ ᠴᠣᠭᠴᠠ ᠶᠢᠨ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠳᠤ | ᠬᠦᠴᠦᠨ ᠨᠡᠮᠡᠷᠢᠯᠡᠵᠦ᠂ ᠪᠥᠬᠦ ᠲᠠᠯ᠎ᠠ ᠪᠠᠷ ᠪᠣᠯᠪᠠᠰᠤᠷᠠᠭᠤᠯᠬᠤ᠂ ᠨᠢᠬᠡ ᠨᠢᠬᠡ ᠪᠠᠷ ᠦᠢᠯᠡᠴᠢᠯᠡᠬᠦ ᠪᠠᠷ ᠳᠠᠮᠵᠢᠭᠤᠯᠤᠨ᠂ ᠳ᠋ᠦᠩ ᠯᠢ᠂ ᠬᠤᠸᠠ ᠲᠦᠸᠧ᠂ ᠲᠢᠶᠠᠨ | ᠾᠧᠩ᠂ ᠲᠢᠶᠠᠨ ᠢᠦᠶ ᠶᠤᠸᠠᠨ ᠵᠡᠷᠭᠡ ᠠᠵᠤ ᠠᠬᠤᠶᠢᠯᠠᠯ ᠤᠨ ᠭᠤᠤᠯ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠪᠥᠬᠦ ᠬᠦᠴᠦᠨ ᠢᠶᠠᠷ ᠠᠬᠢᠭᠤᠯᠵᠤ᠂ ᠠᠵᠤ | ᠠᠬᠤᠶᠢᠯᠠᠯ ᠢ ᠬᠠᠪᠰᠤᠷᠤᠨ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠲᠣᠬᠢᠷᠠᠭᠤᠯᠭ᠎ᠠ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠪᠠᠷᠠᠭᠤᠨ ᠬᠡᠰᠡᠭ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠰᠢᠨ᠎ᠡ ᠥᠨᠳᠦᠷᠯᠢᠭ ᠢ ᠪᠣᠶ ᠪᠣᠯᠭᠠᠨ᠎ᠠ᠃ | ︵ᠬᠤᠶᠠᠷ︶ ︽ᠬᠤᠶᠠᠷ ᠶᠡᠭᠡ ᠪᠦᠲᠦᠭᠡᠨ ᠪᠠᠶᠢᠭᠤᠯᠤᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠮᠢᠳᠤᠷᠠᠯ ᠤᠨ ᠣᠷᠴᠢᠨ | ᠨᠥᠬᠦᠴᠡᠯ ᠢ ᠨᠠᠩ ᠲᠣᠬᠢᠯᠢᠭ ᠪᠣᠯᠭᠠᠨ᠎ᠠ᠃ ᠬᠤᠲᠠ ᠬᠥᠳᠡᠭᠡ ᠶᠢᠨ ᠠᠮᠢ ᠠᠬᠤᠢ ᠶᠢᠨ ᠴᠢᠳᠠᠪᠬᠢ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ | ᠬᠦᠴᠦᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠬᠤᠰᠢᠭᠤ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃ | ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠴᠥᠬᠦᠷᠡᠰᠢ ᠦᠭᠡᠢ ᠰᠠᠶᠢᠵᠢᠷᠠᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ︾ | ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠵᠠᠰᠠᠯᠲᠠ ᠶᠢ ᠰᠢᠰᠲ᠋ᠧᠮ ᠲᠠᠢ ᠠᠬᠢᠭᠤᠯᠤᠨ᠎ᠠ᠃ ︽ᠭᠤᠷᠪᠠᠨ ᠣᠷᠣᠨ ᠭᠤᠷᠪᠠᠨ | ᠱᠤᠭᠤᠮ︾ ᠢ ᠴᠢᠩᠭ᠎ᠠ ᠰᠠᠬᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠡᠷᠬᠢᠰᠢ ᠦᠬᠡᠢ ᠡᠷᠴᠢ ᠵᠣᠷᠢᠭ ᠢᠶᠠᠷ ︽ᠭᠤᠷᠪᠠᠨ ᠠᠭᠤᠯᠠ︾ ᠶᠢᠨ | ᠠᠮᠢ ᠠᠬᠤᠶ ᠶᠢ ᠰᠡᠷᠭᠦᠭᠡᠨ ᠵᠠᠰᠠᠬᠤ ᠶᠢ ᠰᠠᠶᠢᠲᠤᠷ ᠠᠳᠬᠤᠵᠤ᠂ ᠠᠭᠤᠷᠬᠠᠶ ᠶᠢᠨ ᠨᠡᠭᠡᠭᠡᠨ ᠮᠠᠯᠲᠠᠬᠤ ᠶᠢ ︽ᠴᠡᠭ ᠬᠡᠯᠪᠡᠷᠢ ᠶᠢᠨ ᠲᠠᠷᠬᠠᠯᠲᠠ ᠶᠢᠨ ᠬᠡᠯᠪᠡᠷᠢ︾ ᠠᠴᠠ ︽ | ᠪᠦᠰᠡ ᠬᠡᠯᠪᠡᠷᠢ ᠶᠢᠨ ᠬᠡᠪᠴᠢᠶᠡᠵᠢᠯ︾ ᠳᠠᠰᠢ ᠬᠤᠪᠢᠷᠠᠭᠤᠯᠬᠤ ᠶᠢ ᠠᠬᠢᠭᠤᠯᠵᠤ᠂ ᠲᠣᠰ ᠬᠤᠭᠤᠴᠠᠭᠠᠨ ᠳᠠᠬᠢ ᠠᠭᠤᠷᠬᠠᠶ ᠪᠦᠬᠦᠨ ᠢ ᠪᠣᠬᠢᠷᠲᠤᠯ ᠥᠬᠡᠶ ᠠᠭᠤᠷᠬᠠᠶ | ᠪᠣᠯᠭᠠᠨ ᠪᠠᠶᠢᠭᠤᠯᠬᠤ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠪᠣᠯᠬᠤ ᠦᠢᠯᠡᠳᠦᠯᠭᠡ ᠶᠢᠨ ᠰᠢᠨ᠎ᠡ ᠶᠢ | ᠡᠭᠦᠳᠬᠦ ᠰᠠᠭᠤᠷᠢᠨ ᠭᠠᠵᠠᠷ ᠢ ᠴᠢᠷᠮᠠᠶᠢᠨ ᠴᠣᠭᠴᠠᠯᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠭᠤᠤᠯ ᠤᠨ ᠰᠠᠶᠢᠷᠭᠠᠯ ᠤᠨ ᠣᠷᠣᠨ ᠤ ᠵᠠᠰᠠᠯᠲᠠ ᠶᠢ | ᠦᠷᠭᠦᠯᠵᠢᠯᠡᠨ ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ᠣᠯᠢᠶᠠᠰᠣ ᠨᠠᠭᠤᠷ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ ᠣᠶ ᠰᠢᠭᠤᠶ ᠨᠤᠳᠤᠭ ᠪᠡᠯᠴᠢᠭᠡᠷ ᠤᠨ | ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠂ ᠬᠠᠲᠤᠨ ᠭᠤᠤᠯ ᠪᠠ ᠮᠤᠨᠠ ᠠᠭᠤᠯᠠ | ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 2026 ᠣᠨ ᠪᠣᠯᠬᠤ ᠳᠤ᠂ ᠤᠯᠤᠰ ᠤᠨ ᠭᠠᠵᠠᠷ ᠰᠢᠷᠣᠶ ᠶᠢᠨ | ᠨᠣᠭᠤᠭᠠᠷᠠᠭᠤᠯᠤᠯᠲᠠ ᠶᠢᠨ ᠲᠠᠯᠠᠪᠠᠶ ᠶᠢ 15 ᠲᠦᠮᠡᠨ ᠮᠥ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠠᠩ ᠥᠨᠳᠥᠷ ᠪᠠᠷᠢᠮᠵᠢᠶ᠎ᠠ ᠪᠠᠷ | ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ᠂ ᠪᠠᠷᠢᠯᠭ᠎ᠠ ᠶᠢᠨ ᠭᠠᠵᠠᠷ᠂ ᠮᠠᠰᠢᠨᠲᠤ ᠲᠡᠷᠭᠡ ᠵᠡᠷᠭᠡ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠠᠷᠢᠭᠤᠨ ᠴᠡᠪᠡᠷ ᠢᠶᠠᠷ ᠳᠤᠯᠠᠭᠠᠯᠠᠬᠤ᠂ | ᠡᠰᠢ ᠰᠦᠷᠡᠯ ᠬᠤᠭ ᠨᠣᠪᠰᠢ ᠰᠢᠲᠠᠭᠠᠬᠤ ᠶᠢ ᠴᠠᠭᠠᠵᠠᠯᠠᠬᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ | ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠵᠦ᠂ ᠤᠰᠤ ᠬᠡᠷᠡᠭᠯᠡᠬᠦ ᠬᠦᠢᠴᠡᠳᠭᠡᠯ | ᠲᠤᠭ᠎ᠠ ᠶᠢ ᠨᠣᠷᠮ᠎ᠠ ᠲᠣᠭᠲᠠᠭᠠᠨ ᠬᠠᠮᠢᠶᠠᠷᠬᠤ ᠪᠠ ᠤᠰᠤᠨ ᠤ ᠱᠠᠲᠤᠯᠢᠭ ᠦᠨ᠎ᠡ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 2025 ᠣᠨ ᠳᠤ | ᠬᠡᠲᠦᠷᠡᠲᠡᠯ᠎ᠡ ᠲᠠᠲᠠᠭᠰᠠᠨ ᠣᠷᠣᠨ ᠤ ᠤᠰᠤ ᠠᠪᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︽ᠲᠠᠷᠢᠶᠠᠨ ᠳᠠᠷᠤᠭ᠎ᠠ ᠶᠢᠨ | ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ︽ᠳᠥᠷᠪᠡ ᠶᠢ ᠡᠵᠡᠮᠳᠡᠨ ᠬᠤᠶᠠᠷ ᠢ ᠡᠬᠢ ᠪᠠᠶᠠᠯᠢᠭᠵᠢᠭᠤᠯᠬᠤ︾ ᠠᠵᠢᠯᠯᠠᠭ᠎ᠠ | ᠪᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠭ | ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠨᠢ ᠪᠠᠭᠠᠰᠬᠠᠨ ᠰᠢᠢᠳᠪᠦᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠶᠡᠬᠡᠪᠡᠷ ᠬᠡᠷᠡᠭᠵᠢᠭᠦᠯᠵᠦ᠂ ᠬᠥᠷᠥᠰᠥ | ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢᠳᠤ ᠪᠠᠭ᠎ᠠ ᠭᠠᠳᠠᠭᠰᠢᠯᠠᠭᠤᠯᠬᠤ | ᠬᠡᠯᠪᠡᠷᠢ ᠶᠢᠨ ᠬᠤᠪᠢᠷᠠᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠭᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ︾ ᠬᠠᠷᠠᠯᠲᠠ ᠶᠢᠨ ᠲᠣᠭᠤᠷᠢᠨ ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠴᠢᠩᠭ᠎ᠠ ᠪᠣᠳᠠᠲᠠᠢ ᠠᠳᠬᠤᠵᠤ᠂ ︽ | ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ︾ ᠵᠦᠢᠯᠡᠰ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠲᠡᠮᠦᠷᠯᠢᠭ | ᠪᠣᠯᠪᠠᠰᠤᠷᠠᠭᠤᠯᠬᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠢᠯᠴᠢ ᠴᠠᠬᠢᠯᠭᠠᠨ ᠵᠡᠷᠭᠡ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠦᠭᠡᠢ ᠪᠣᠯᠭᠠᠬᠤ | ᠥᠭᠡᠷᠡᠴᠢᠯᠡᠯᠲᠡ ᠶᠢ ᠲᠡᠮᠵᠢᠵᠤ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠵᠤ᠂ ᠵᠦᠶ ᠵᠣᠬᠢᠰᠲᠠᠶ | ᠡᠨᠧᠷᠭᠢ ᠶᠢᠨ ᠬᠤᠷᠣᠭᠳᠠᠯ ᠢᠶᠠᠷ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠤᠯᠭᠠᠭᠤᠷᠢᠯᠠᠬᠤ ᠬᠡᠷᠡᠭᠲᠡᠶ᠃ ᠳᠥᠭᠦᠮ ᠮᠥᠷᠲᠡᠭᠡᠨ | ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠦᠵᠡᠰᠬᠦᠯᠡᠩᠲᠦ ᠰᠠᠶᠢᠬᠠᠨ ᠭᠡᠷ | ᠣᠷᠣᠨ ᠢᠶᠠᠨ ᠬᠠᠮᠲᠤᠪᠠᠷ ᠪᠠᠶᠢᠭᠤᠯᠬᠤ ᠶᠢ ᠪᠦᠬᠦ ᠬᠤᠰᠢᠭᠤᠨ ᠤ ᠠᠷᠠᠳ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ᠎ᠠ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠥᠪᠵᠢᠭᠦᠯᠭᠡ ᠪᠠᠷ ᠵᠢᠯᠤᠭᠤᠳᠤᠯᠭ᠎ᠠ ᠪᠣᠯᠭᠠᠵᠤ᠂ ᠬᠤᠳᠠ ᠬᠥᠳᠡᠭᠡ ᠶᠢᠨ ᠠᠮᠢ ᠠᠬᠤᠢ ᠶᠢᠨ ᠴᠢᠳᠠᠮᠵᠢ᠂ ᠰᠣᠶᠣᠯ ᠤᠨ ᠤᠯᠠᠮᠵᠢᠯᠠᠯ ᠪᠠ ᠠᠷᠠᠳ ᠤᠯᠠᠨ ᠤ | ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠶᠡᠷᠦᠩᠬᠡᠶᠢᠯᠡᠨ ᠪᠣᠳᠣᠯᠬᠢᠯᠠᠵᠤ᠂ ᠬᠤᠳᠠ ᠬᠥᠳᠡᠭᠡ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠨ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠬᠤ ᠳᠤ ᠨᠡᠩ ᠠᠭᠤᠯᠤᠭᠳᠠᠬᠤᠨ ᠲᠠᠢ ᠪᠠ ᠨᠡᠩ ᠴᠢᠨᠠᠷ ᠴᠢᠨᠰᠠᠭ᠎ᠠ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠦᠲᠦᠭᠡᠬᠦ ᠳᠤ ᠲᠣᠬᠢᠷᠠᠮᠵᠢᠲᠠᠢ | ᠪᠣᠯᠭᠠᠵᠤ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠬᠦ᠂ ᠪᠦᠬᠦ ᠲᠠᠯ᠎ᠠ ᠪᠠᠷ ᠠᠭᠤᠰᠤᠯᠴᠠᠬᠤ᠂ ᠬᠠᠮᠲᠤ ᠪᠠᠷ ᠴᠡᠴᠡᠭᠯᠡᠨ ᠬᠥᠭᠵᠢᠬᠦ ᠰᠢᠨ᠎ᠡ ᠪᠠᠶᠢᠳᠠᠯ ᠢ ᠪᠤᠢ | ᠪᠣᠯᠭᠠᠨ᠎ᠠ᠃ ᠬᠤᠲᠠ ᠶᠢᠨ ᠰᠢᠨᠡᠴᠢᠯᠡᠯᠲᠡ ᠥᠭᠡᠷᠡᠴᠢᠯᠡᠯᠲᠡ ᠶᠢ ᠲᠦᠷᠭᠡᠳᠬᠡᠨ᠎ᠡ᠃ ᠬᠤᠲᠠ ᠶᠢᠨ ᠶᠠᠪᠤᠳᠠᠯ ᠤᠨ ᠵᠠᠮ᠂ ᠭᠠᠵᠠᠷ ᠳᠤᠤᠷᠠᠬᠢ ᠬᠤᠭᠤᠯᠠᠶ ᠶᠢᠨ | ᠭᠤᠤᠷᠰᠤ ᠶᠢᠨ ᠲᠤᠤᠷ᠂ ᠵᠡᠭᠡᠯᠢ ᠶᠢᠨ ᠦᠵᠡᠮᠵᠢ ᠶᠢ ᠭᠤᠶᠤᠵᠢᠭᠤᠯᠬᠤ᠂ ᠴᠡᠴᠡᠷᠯᠢᠭ ᠠᠭᠤᠳᠠᠮ ᠲᠠᠯᠠᠪᠠᠢ ᠵᠡᠷᠭᠡ ︽ᠳᠥᠷᠪᠡᠨ ᠶᠡᠭᠡ ᠰᠠᠭᠤᠷᠢ ᠶᠢ ᠳᠡᠭᠡᠭᠰᠢᠯᠡᠭᠦᠯᠬᠦ︾ | ᠢᠨᠵᠧᠨᠧᠷᠢᠩ ᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ᠂ ᠪᠣᠷᠣ ᠬᠡᠷᠲᠣ ᠣᠷᠣᠨ ᠤ ᠣᠷᠣᠨ ᠰᠠᠭᠤᠴᠠ ᠶᠢᠨ ᠲᠣᠭᠤᠷᠢᠭ ᠪᠠ ᠬᠤᠲᠠ ᠶᠢᠨ | ᠲᠡᠭᠦᠷᠭᠡ ᠶᠢᠨ ᠲᠣᠰᠬᠤᠨ ᠢ ᠪᠦᠲᠦᠭᠡᠨ ᠪᠠᠶᠢᠭᠤᠯᠵᠤ ᠥᠭᠡᠷᠡᠴᠢᠯᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠣᠨᠴᠠᠯᠢᠭᠲᠤ ᠵᠡᠭᠡᠯᠢ ᠲᠣᠭᠤᠷᠢᠭ | ᠪᠠ ᠭᠤᠣᠯ ᠰᠡᠳᠦᠪᠲᠦ ᠴᠡᠴᠡᠷᠯᠢᠭ ᠢ ᠪᠠᠶᠢᠭᠤᠯᠵᠤ᠂ ᠣᠢ ᠰᠢᠭᠤᠢ ᠶᠢᠨ ᠴᠡᠴᠡᠷᠯᠢᠭ ᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠣᠯᠠᠨ | ᠲᠦᠮᠡᠨ ᠤ ᠣᠷᠣᠰᠢᠨ ᠰᠠᠭᠤᠬᠤ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢ ᠨᠡᠮᠡᠭᠳᠡᠭᠦᠯᠦᠨ᠎ᠡ᠃ | ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠣᠴᠠ ᠶᠢᠨ ᠲᠡᠮᠦᠷ ᠵᠠᠮ ᠤᠨ ᠥᠷᠲᠡᠭᠡ ᠶᠢᠨ ᠡᠮᠦᠨᠡᠬᠢ ᠠᠭᠤᠳᠠᠮ ᠲᠠᠯᠠᠪᠠᠶ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ | ᠠᠵᠢᠯ ᠢ ᠲᠥᠯᠥᠪᠵᠢᠭᠦᠯᠦᠨ ᠬᠡᠷᠡᠭᠵᠢᠭᠦᠯᠵᠦ᠂ G6 ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠣᠨᠠ ᠠᠭᠤᠯᠠ ᠶᠢᠨ ᠪᠠᠷᠠᠭᠤᠨ ᠭᠠᠷᠬᠤ ᠵᠠᠮ ᠢ ᠨᠡᠭᠡᠭᠡᠵᠦ᠂ ᠭᠤᠤᠯ | ᠬᠤᠲᠠ ᠲᠣᠭᠤᠷᠢᠭ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠥᠷᠲᠡᠭᠡ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠠᠭᠤᠨᠳᠠᠬᠢ ᠭᠠᠷᠬᠤ ᠵᠠᠮ ᠤᠨ | ᠦᠵᠡᠮᠵᠢ ᠶᠢᠨ ᠵᠠᠮ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠬᠤᠲᠠ ᠶᠢᠨ ᠭᠠᠵᠠᠷ ᠤᠨ ᠲᠡᠮᠳᠡᠭ ᠤᠨ ᠭᠡᠷᠡᠯᠲᠦ ᠴᠡᠭ ᠢ ᠪᠣᠶ ᠪᠣᠯᠭᠠᠨ᠎ᠠ᠃ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠨᠠᠩ ᠴᠢᠬᠤᠯᠠᠴᠢᠯᠠᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠲᠠ ᠶᠢᠨ | ᠬᠠᠮᠢᠶᠠᠷᠤᠯᠲᠠ ᠶᠢᠨ ᠲᠣᠭᠠᠴᠢᠯᠠᠯᠲᠠ᠂ ᠤᠶᠤᠨᠴᠢᠯᠠᠯᠳᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠮᠠᠨ ᠤ ᠠᠮᠢᠳᠤᠷᠠᠵᠤ ᠪᠠᠶᠢᠭ᠎ᠠ ᠬᠤᠲᠠ ᠶᠢ ᠨᠠᠩ ᠬᠠᠯᠠᠭᠤᠨ | ᠳᠤᠯᠠᠭᠠᠨ᠂ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | ᠠᠶᠢᠯ ᠲᠣᠰᠬᠤᠨ ᠤ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ᠂ ᠴᠠᠬᠢᠯᠭᠠᠨ᠂ ᠬᠡᠢ᠂ | ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠠᠮᠢᠳᠤᠷᠠᠯ ᠤᠨ ᠬᠤᠭ | ᠨᠣᠪᠰᠢ᠂ ᠠᠮᠢᠳᠤᠷᠠᠯ ᠤᠨ ᠪᠣᠬᠢᠷ ᠤᠰᠤ᠂ ᠵᠣᠷᠯᠣᠩ ᠤᠨ ᠢᠯᠭᠠᠳᠠᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠲᠠ ᠦᠭᠡᠢ | ᠪᠦᠷᠢᠨᠰᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠥᠪᠡᠷᠮᠢᠴᠡ ᠣᠨᠴᠠᠯᠢᠭ ᠢ ᠬᠠᠳᠠᠭᠠᠯᠠᠵᠤ᠂ | ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ ᠪᠠ ᠰᠣᠶᠣᠯ ᠤᠨ ᠥᠪ ᠤᠨ ᠦᠯᠡᠳᠡᠭᠳᠡᠯ ᠢ ᠬᠠᠮᠠᠭᠠᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠵᠢᠱᠢᠶ᠎ᠡ ᠦᠵᠡᠭᠦᠯᠬᠦ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠤᠨ᠎ᠠ᠃ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠃ ᠵᠠᠮ ᠬᠠᠷᠢᠯᠴᠠᠭ᠎ᠠ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠪᠤᠭᠤᠲᠤ - ᠢᠷᠭᠠᠢ ᠬᠦᠷᠬᠦ ᠬᠤᠷᠳᠤ ᠶᠢᠨ ᠲᠡᠮᠦᠷ ᠵᠠᠮ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ | ᠲᠤᠰᠬᠠᠢ ᠱᠤᠭᠤᠮ᠂ ᠭᠠᠭᠴᠠᠮᠤᠳᠤ ᠪᠣᠭᠤᠮᠲᠠ ᠠᠴᠠ ᠮᠤᠨᠠ ᠠᠭᠤᠯᠠ ᠬᠦᠷᠬᠦ ᠬᠤᠷᠳᠤ ᠶᠢᠨ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠬᠦ ᠶᠢ ᠠᠬᠢᠭᠤᠯᠵᠤ᠂ | 110 ᠤᠯᠤᠰ ᠤᠨ ᠵᠠᠮ ᠪᠠ 215᠂ 225 ᠮᠤᠵᠢ ᠶᠢᠨ ᠵᠠᠮ ᠤᠨ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠬᠤᠶᠠᠷ ᠰᠢᠨ᠎ᠡ ᠨᠢᠭᠡ ᠬᠦᠨᠳᠦ︾ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ᠂ ᠴᠠᠬᠢᠯᠭᠠᠨ ᠰᠣᠯᠢᠬᠤ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠪᠠ 5 G ᠰᠢᠯᠵᠢᠮᠡᠯ ᠴᠢᠮᠡᠭᠡ ᠬᠤᠯᠪᠣᠭ᠎ᠠ | ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ | ᠬᠦᠷᠢᠶ᠎ᠡ ᠴᠠᠷᠠᠭᠠᠨ ᠳᠠᠬᠢ ᠲᠣᠭᠠᠴᠢᠯᠠᠯᠲᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠲᠦᠭᠡᠮᠡᠯᠵᠢᠯᠲᠡ ᠶᠢᠨ ᠨᠣᠷᠮ᠎ᠠ ᠪᠠ | ᠠᠭᠤᠰᠤᠯᠴᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠯᠧᠺᠲᠷᠣᠨ ᠵᠠᠰᠠᠭ ᠤᠨ ᠶᠠᠪᠤᠳᠠᠯ᠂ ᠵᠠᠮ ᠬᠠᠷᠢᠯᠴᠠᠭ᠎ᠠ ᠪᠠᠷᠠᠭᠠᠨ ᠤ ᠬᠦᠢᠯᠭᠡᠭᠡ᠂ ᠡᠮ ᠡᠮᠨᠡᠯᠭᠡ ᠡᠷᠡᠭᠦᠯ | ᠬᠠᠮᠠᠭᠠᠯᠠᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠬᠦᠷᠢᠶ᠎ᠡ ᠴᠠᠷᠠᠭᠠᠨ ᠳᠠᠬᠢ | ᠲᠣᠮᠣ ᠳ᠋ᠠᠶᠢᠲ᠋ᠠ ᠶᠢᠨ ᠪᠥᠬᠦ ᠲᠠᠯ᠎ᠠ ᠶᠢᠨ ᠬᠡᠷᠡᠭᠯᠡᠯᠲᠡ ᠶᠢ ᠠᠬᠢᠭᠤᠯᠵᠤ᠂ ︽ᠤᠶᠤᠨᠲᠤ ᠡᠮᠦᠨᠡᠲᠦ ᠬᠤᠰᠢᠭᠤ︾ ᠶᠢ ᠪᠠᠶᠢᠭᠤᠯᠤᠨ᠎ᠠ᠃ | ︵ᠭᠤᠷᠪᠠ︶ ︽ᠭᠤᠷᠪᠠᠨ ᠲᠥᠷᠥᠯ ᠤᠨ ᠡᠯᠧᠮᠧᠨ᠋ᠲ︾ ᠢ ᠠᠮᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠠᠮᠢᠵᠢᠷᠠᠯ ᠤᠨ ᠬᠦᠴᠦᠨ ᠲᠠᠢ | ᠪᠣᠯᠭᠠᠨ᠎ᠠ᠃ ᠡᠮᠦᠨᠡᠲᠦ ᠬᠤᠰᠢᠭᠤᠨ ᠤ ᠬᠥᠭᠵᠢᠯᠲᠡ ᠶᠢᠨ ᠬᠥᠳᠡᠯᠭᠡᠬᠦ ᠬᠦᠴᠦᠨ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠪᠠᠶᠢᠵᠤ᠂ ᠬᠥᠭᠵᠢᠯᠲᠡ ᠶᠢᠨ | ᠣᠷᠣᠨ ᠵᠠᠢ ᠨᠢ ᠠᠷᠠᠯᠵᠢᠶ᠎ᠠ ᠡᠷᠬᠢᠯᠡᠬᠦ ᠣᠷᠴᠢᠨ ᠵᠠᠢ ᠳᠤ ᠪᠠᠶᠢᠵᠤ᠂ ᠬᠥᠭᠵᠢᠯᠲᠡ ᠶᠢᠨ ᠨᠥᠭᠡᠴᠡ ᠬᠦᠴᠦᠨ ᠨᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ | ᠪᠠᠶᠢᠨ᠎ᠠ᠃ ᠪᠢᠳᠡ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠠᠷᠭ᠎ᠠ | ᠭᠠᠷᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠠᠯ᠎ᠠ ᠪᠠᠷ ᠴᠢᠩᠭ᠎ᠠ ᠠᠷᠭ᠎ᠠ ᠭᠠᠷᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠬᠦᠷᠲᠡᠭᠡᠵᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠬᠥᠳᠡᠯᠭᠡᠬᠦ ᠬᠦᠴᠦᠨ ᠣᠯᠣᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠣᠯᠤᠨ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠣᠭᠤᠰ ᠮᠥᠩᠭᠦ ᠨᠢᠭᠡᠪᠦᠷᠢ ᠶᠢ ᠴᠥᠮ ᠬᠠᠮᠤᠭ ᠤᠨ ᠶᠡᠭᠡ ᠦᠷ᠎ᠡ ᠠᠰᠢᠭ ᠢᠶᠠᠷ ᠪᠠᠳᠠᠷᠠᠭᠤᠯᠵᠤ᠂ ᠪᠠᠭ᠎ᠠ ᠡᠳ᠋ ᠤᠨ | ᠵᠠᠰᠠᠭ ᠢᠶᠠᠷ ᠶᠡᠭᠡ ᠬᠥᠭᠵᠢᠯᠲᠡ ᠶᠢ ᠳᠠᠶᠢᠴᠢᠯᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠷᠬᠡ ᠶᠢ ᠠᠷᠠᠯᠵᠢᠶᠠᠯᠠᠬᠤ᠂ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠬᠤ ᠶᠢ ᠠᠷᠠᠯᠵᠢᠶᠠᠯᠠᠬᠤ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠶᠢ ᠰᠦᠪᠡᠭᠴᠢᠯᠡᠨ ᠥᠷᠨᠢᠭᠦᠯᠵᠦ᠂ ᠡᠬᠢ ᠪᠠᠶᠠᠯᠢᠭ᠂ | ᠡᠨᠧᠷᠭᠢ ᠶᠢᠨ ᠬᠤᠷᠣᠭᠳᠠᠯ ᠤᠨ ᠬᠢᠵᠠᠭᠠᠷᠯᠠᠯ ᠠᠴᠠ ᠮᠤᠯᠲᠤᠷᠠᠬᠤ ᠪᠠᠷ ᠴᠢᠷᠮᠠᠶᠢᠨ᠎ᠠ᠃ ᠭᠠᠶᠢᠯᠢ ᠶᠢᠨ ᠢᠷᠡᠯᠲᠡ ᠶᠢ ᠪᠤᠶᠢᠵᠢᠭᠤᠯᠬᠤ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠬᠥᠮᠥᠷᠭᠡ ᠶᠢ ᠲᠥᠷᠥᠯ ᠬᠤᠪᠢᠶᠠᠨ ᠪᠠᠶᠢᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠠᠶᠢᠯᠢ ᠲᠤᠰᠢᠶᠠᠬᠤ | ᠠᠵᠤ ᠠᠬᠤᠶᠢᠯᠠᠯ ᠢ 5 ᠠᠴᠠ ᠳᠡᠭᠡᠭᠰᠢ ᠪᠤᠶᠢᠵᠢᠭᠤᠯᠵᠤ᠂ ᠭᠠᠶᠢᠯᠢ ᠲᠠᠲᠠᠪᠤᠷᠢ ᠶᠢ ᠬᠠᠮᠤᠭ ᠶᠡᠭᠡ ᠬᠡᠮᠵᠢᠶ᠎ᠡ ᠪᠠᠷ ᠲᠤᠰ ᠭᠠᠵᠠᠷ ᠲᠤ ᠦᠯᠡᠳᠡᠭᠡᠨ᠎ᠡ᠃ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠠᠴᠠ ᠠᠮᠢᠵᠢᠷᠠᠯ ᠤᠨ ᠬᠦᠴᠦᠨ ᠠᠪᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠬᠡᠨ ᠬᠤᠪᠢᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠱᠠᠩᠨᠠᠯ | ᠨᠥᠬᠦᠪᠥᠷᠢ ᠵᠡᠷᠭᠡ ᠠᠰᠢᠭ ᠣᠯᠵᠠᠪᠤᠷᠢ ᠶᠢ ᠠᠵᠤ ᠠᠬᠤᠶᠢᠯᠠᠯ ᠳᠤ ᠰᠢᠭᠤᠳ ᠣᠯᠭᠤᠬᠤ ᠶᠢ ᠪᠠᠲᠤᠯᠠᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠳᠤ ᠶᠠᠭᠠᠬᠢᠭᠰᠠᠨ ᠴᠤ ᠦᠩᠭᠡᠨ ᠲᠠᠯ᠎ᠠ ᠶᠢᠨ ᠪᠠᠶᠢᠵᠤ ᠪᠤᠯᠬᠤ ᠦᠭᠡᠢ᠂ ︽ᠡᠴᠦᠰ ᠤᠨ ᠨᠢᠭᠡ ᠺᠢᠯᠣᠮᠧᠲᠷ︾ ᠲᠤ ᠴᠣ᠋ ᠬᠦᠩᠭᠡᠪᠴᠢᠯᠡᠵᠤ ᠪᠤᠯᠬᠤ ᠦᠭᠡᠢ᠃ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ ︽ᠳᠠᠭᠤᠳᠠᠪᠠᠯ | ᠵᠠᠪᠠᠯ ᠳᠠᠭᠠᠵᠤ᠂ ᠤᠴᠢᠷ ᠶᠠᠪᠤᠳᠠᠯ ᠥᠬᠡᠶ ᠪᠣᠯ ᠬᠠᠷᠰᠢᠯᠠᠬᠤ ᠥᠬᠡᠶ ᠪᠠᠶᠢᠬᠤ︾ ᠶᠢ ᠪᠠᠷᠢᠮᠲᠠᠯᠠᠵᠤ᠂ ︽ᠳᠥᠷᠪᠡ ᠶᠢ ᠬᠦᠢᠴᠡᠳᠭᠡᠭᠦ︾ ᠦᠢᠯᠡᠴᠢᠯᠡᠭᠡ ᠶᠢ ᠶᠡᠭᠡ ᠪᠠᠷ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠩᠬᠠᠷᠴᠤ ᠪᠠᠶᠢᠭ᠎ᠠ ︽ᠨᠠᠰᠢ ᠴᠠᠰᠢ ᠭᠦᠶᠦᠬᠦ᠂ ᠬᠢᠨᠠᠨ ᠵᠥᠪᠰᠢᠶᠡᠷᠡᠬᠦ ᠳᠤ ᠬᠦᠴᠢᠷ᠂ ᠣᠪᠣᠷ | ᠰᠣᠷᠲᠠᠯ ᠠᠨᠠᠶ ᠪᠠᠶᠢᠬᠤ︾ ᠵᠡᠷᠭᠡ ᠬᠦᠴᠢᠷ ᠠᠰᠠᠭᠤᠳᠠᠯ᠂ ᠲᠦᠭᠵᠢᠷᠡᠯ᠂ ᠡᠪᠡᠷᠰᠢᠶᠡᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠶᠢ | ᠬᠠᠮᠤᠭ ᠤᠨ ᠳᠥᠭᠦᠮ᠂ ᠴᠤᠪᠤᠷᠠᠯ ᠢ ᠬᠠᠮᠤᠭ ᠤᠨ ᠰᠢᠯᠢᠳᠡᠭ᠂ ᠪᠠᠶᠢᠭᠤᠯᠤᠯ ᠢ ᠬᠠᠮᠤᠭ ᠤᠨ ᠰᠢᠯᠤᠭᠤᠬᠠᠨ᠂ ᠲᠣᠭᠲᠠᠴᠠ ᠶᠢ ᠬᠠᠮᠤᠭ ᠤᠨ ᠠᠮᠢᠳᠤᠯᠢᠭ᠂ ᠦᠷ᠎ᠡ | ᠪᠦᠲᠦᠮᠵᠢ ᠶᠢ ᠬᠠᠮᠤᠭ ᠤᠨ ᠥᠨᠳᠥᠷ᠂ ᠦᠢᠯᠡᠴᠢᠯᠡᠭᠡ ᠪᠠᠷ ᠬᠠᠮᠤᠭ ᠤᠨ ᠰᠠᠶᠢᠨ ︽ᠵᠢᠷᠭᠤᠭᠠᠨ ᠬᠠᠮᠤᠭ ᠤᠨ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ | ᠪᠣᠯᠭᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠠᠷᠢᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠴᠠ ᠬᠦᠴᠦᠨ ᠣᠯᠣᠨ᠎ᠠ᠃ ᠡᠬᠢ | ᠪᠠᠶᠠᠯᠢᠭ᠂ ᠣᠷᠣᠨ ᠪᠠᠶᠢᠷᠢ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ | ᠬᠦᠴᠦᠷᠬᠡᠭᠵᠢᠭᠦᠯᠬᠦ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠵᠤ᠂ ᠴᠢᠬᠤᠯᠠ ᠶᠡᠭᠡ | ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡ ᠶᠢ ᠬᠡᠷᠡᠭᠵᠢᠭᠦᠯᠵᠦ᠂ ᠨᠢᠭᠡ ᠲᠥᠷᠥᠯ ᠵᠦᠢᠯ᠂ ᠨᠢᠭᠡ ᠡᠩᠨᠡᠭᠡ᠂ ᠨᠢᠭᠡ ᠢᠵᠢ ᠲᠥᠰᠦᠯ᠂ | ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠪᠥᠬᠦ ᠠᠵᠢᠯᠲᠠᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠢᠶᠠᠷ ᠬᠤᠳᠠᠯᠳᠤᠭᠠᠴᠢᠨᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠬᠢᠲᠠᠳ | ᠮᠣᠩᠭᠤᠯ ᠡᠮ ᠤᠨ ᠮᠠᠲ᠋ᠧᠷᠢᠶᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠤ ᠦᠢᠯᠡᠰ ᠤᠨ ᠲᠣᠭᠤᠷᠢᠨ ᠳᠤ᠂ ᠨᠢᠭᠡ ᠪᠦᠯᠦᠭ ᠬᠡᠯᠬᠢᠶᠡᠰᠦ ᠶᠢᠨ | ᠭᠤᠤᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠵᠢᠴᠢ ᠳᠡᠭᠡᠳᠦ ᠳᠤᠤᠷᠠᠳᠤ ᠲᠠᠭᠠᠤ ᠢᠵᠢ ᠪᠥᠷᠢᠳᠦᠭᠦᠯᠦᠭᠰᠡᠨ ᠠᠵᠤ ᠠᠬᠤᠶᠢᠯᠠᠯ ᠢ ᠶᠡᠬᠡᠪᠡᠷ ᠣᠷᠣᠭᠤᠯᠤᠨ | ᠠᠪᠴᠢᠷᠠᠵᠤ᠂ ᠨᠢᠭᠡ ᠪᠦᠯᠦᠭ ᠪᠠᠯᠠ ᠣᠷᠣᠭᠤᠯᠤᠯᠲᠠ ᠨᠢ ᠠᠷᠪᠠᠨ ᠳ᠋ᠦᠩᠰᠢᠭᠤᠷ ᠴᠢᠨᠠᠭᠰᠢᠯᠠᠪᠠᠯ ᠵᠠᠭᠤ ᠭᠠᠷᠤᠶ ᠳ᠋ᠦᠩᠰᠢᠭᠤᠷ ᠢ ᠳᠠᠪᠠᠭᠰᠠᠨ ᠲᠣᠮᠣ ᠲᠥᠷᠥᠯ ᠵᠦᠢᠯ᠂ | ᠰᠠᠶᠢᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ︵ᠳᠦᠷᠪᠡ︶ ︽ᠳᠥᠷᠪᠡᠨ ᠠᠵᠢᠯ︾ ᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠨ᠎ᠠ᠃ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠲᠡᠷᠢᠭᠦᠨ ᠴᠢᠬᠤᠯᠠ ᠡᠭᠦᠷᠭᠡ | ᠪᠣᠯᠭᠠᠵᠤ᠂ ᠨᠡᠶᠢᠭᠡᠮ ᠤᠨ ᠦᠢᠯᠡᠰ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠣᠶᠣᠯ ᠤᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠳᠥᠷᠪᠡᠨ ᠠᠵᠢᠯ ᠢ | ᠰᠠᠶᠢᠲᠤᠷ ᠬᠢᠵᠦ᠂ ᠠᠷᠠᠳ ᠣᠯᠠᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ | ᠪᠠ ᠠᠮᠤᠷ ᠲᠦᠪᠰᠢᠨ ᠤ ᠲᠥᠷᠥᠭᠳᠡᠯ ᠲᠠᠢ ᠪᠣᠯᠭᠠᠨ᠎ᠠ᠃ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ | ᠰᠤᠷᠭᠠᠭᠤᠯᠢ᠂ ᠬᠡᠷ ᠪᠦᠯᠢ᠂ ᠨᠡᠶᠢᠭᠡᠮ ᠬᠠᠮᠵᠢᠯᠴᠠᠨ ᠬᠥᠮᠦᠨ ᠢ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠣᠯᠠᠨ ᠡᠰᠢᠵᠢᠭᠦᠯᠦᠨ ᠬᠥᠭᠵᠢᠭᠦᠯᠬᠦ ᠶᠢ ᠠᠬᠢᠭᠤᠯᠤᠨ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ | ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠬᠡᠳᠦᠶ ᠶᠠᠳᠠᠭᠤ ᠪᠠᠶᠢᠭᠰᠠᠨ ᠴᠤ ᠰᠤᠷᠭᠠᠨ ᠬᠥᠮᠦᠵᠢᠯ ᠢ | ᠶᠠᠳᠠᠭᠤᠷᠠᠭᠤᠯᠵᠤ ᠪᠣᠯᠬᠤ ᠥᠬᠡᠶ᠂ ᠵᠠᠰᠠᠭ ᠤᠨ ᠣᠷᠳᠣᠨ ᠤ ᠠᠮᠢᠳᠤᠷᠠᠯ ᠬᠡᠳᠦᠶ ᠪᠠᠴᠢᠮ ᠪᠠᠶᠢᠭᠰᠠᠨ ᠴᠤ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠨᠡᠮᠡᠭᠳᠡᠯ ᠢ | ᠪᠠᠲᠤᠯᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠨᠢᠭᠡ ᠪᠦᠯᠦᠭ ᠰᠢᠯᠢᠳᠡᠭ ᠪᠠᠭᠰᠢ ᠶᠢ | ᠶᠡᠭᠡ ᠪᠠᠷ ᠬᠥᠮᠦᠵᠢᠭᠦᠯᠦᠨ ᠣᠷᠣᠭᠤᠯᠵᠤ᠂ ᠨᠢᠬᠡᠳᠦᠬᠡᠷ ᠹᠷᠣᠨᠲ ᠤᠨ ᠪᠠᠭᠰᠢ ᠶᠢᠨ ᠬᠠᠷᠠᠭᠠᠯᠵᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠭᠰᠢ ᠶᠢᠨ ᠮᠡᠷᠭᠡᠵᠢᠯ ᠤᠨ | ᠴᠣᠯᠠ ᠶᠢ ᠦᠨᠡᠯᠡᠨ ᠤᠷᠢᠬᠤ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠣᠭᠲᠠᠭᠤᠨ ᠢᠶᠠᠷ | ᠳᠡᠭᠡᠭᠰᠢᠯᠡᠬᠦ ᠶᠢ ᠠᠬᠢᠭᠤᠯᠵᠤ᠂ ᠬᠡᠦᠬᠡᠳ ᠤᠳ ᠢ ᠬᠡᠷ ᠤᠨ ᠡᠭᠦᠳᠡᠨ ᠳᠤ ᠪᠠᠨ ᠰᠢᠯᠢᠳᠡᠭ ᠰᠤᠷᠭᠠᠨ ᠬᠥᠮᠦᠵᠢᠯ ᠢ ᠡᠳ᠋ᠯᠡᠭᠦᠯᠵᠦ᠂ ᠬᠡᠷ ᠤᠨ ᠠᠬᠠᠮᠠᠳ ᠢ ᠳᠠᠭᠢᠵᠤ | ᠰᠤᠷᠤᠯᠴᠠᠬᠤ ᠶᠢᠨ ᠲᠥᠯᠥᠭᠡ ᠭᠠᠵᠠᠷ ᠪᠣᠯᠭᠠᠨ ᠳᠤ ᠭᠦᠶᠦᠬᠦ ᠥᠬᠡᠶ ᠪᠣᠯᠭᠠᠨ᠎ᠠ᠃ ᠡᠷᠡᠭᠦᠯ ᠡᠩᠬᠡ ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠵᠡᠮᠳᠡᠬᠦ ᠴᠢᠳᠠᠪᠤᠷᠢ ᠶᠢ ᠴᠢᠩᠭᠠᠳᠬᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠪᠠ ᠬᠤᠯᠤᠭᠠᠨ᠎ᠠ ᠶᠢᠨ ᠬᠢᠵᠢᠭ ᠢᠶᠠᠷ ᠭᠤᠤᠯᠳᠠᠯᠭ᠎ᠠ ᠪᠣᠯᠭᠠᠭᠰᠠᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠬᠦᠨᠳᠦ ᠶᠡᠭᠡ ᠭᠡᠨᠡᠳᠲᠡ ᠶᠢᠨ ᠴᠢᠨᠠᠷᠲᠠᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠮᠴᠢᠯᠡᠭᠡᠨ ᠤ ᠬᠠᠮᠲᠤ ᠶᠢᠨ | ᠴᠣᠭᠴᠠ︾ ᠶᠢᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤ ᠱᠠᠲᠤᠨ ᠤ ᠡᠮ ᠡᠮᠨᠡᠯᠭᠡ ᠶᠢᠨ ᠡᠬᠢ ᠪᠠᠶᠠᠯᠢᠭ ᠢ ᠬᠥᠨᠳᠡᠯᠡᠨ ᠢᠶᠠᠷ ᠨᠡᠶᠢᠳᠬᠡᠵᠦ᠂ ᠭᠤᠯᠳᠤ ᠪᠠᠷ | ᠤᠷᠲᠤᠳᠬᠠᠬᠤ ᠶᠢ ᠠᠬᠢᠭᠤᠯᠵᠤ᠂ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠤᠭᠳᠠᠯᠴᠠᠭ᠎ᠠ ᠶᠢ ᠪᠦᠷᠢᠨᠰᠢᠭᠦᠯᠵᠦ᠂ ᠪᠥᠬᠦ ᠬᠤᠰᠢᠭᠤᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢ ᠪᠥᠬᠦ ᠲᠠᠯ᠎ᠠ ᠪᠠᠷ | ᠪᠠᠲᠤᠯᠠᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠬᠦᠢᠴᠡᠳ ᠰᠠᠶᠢᠲᠤᠷ ᠬᠡᠷᠡᠭᠯᠡᠵᠦ᠂ ᠶᠠᠳᠠᠭᠤ ᠶᠢ ᠲᠡᠳᠬᠦᠬᠦ ᠠᠵᠤ ᠦᠢᠯᠡᠰ ᠢ ᠣᠷᠳᠣ ᠬᠤᠭᠤᠴᠠᠭ᠎ᠠ ᠪᠠᠷ ᠪᠤᠶᠢᠵᠢᠭᠤᠯᠬᠤ ᠶᠢ | ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠨ᠎ᠡ᠃ ᠨᠠᠩ ᠢᠳᠡᠪᠬᠢᠲᠡᠢ ᠠᠵᠢᠯ ᠣᠯᠭᠤᠯᠲᠠ ᠶᠢᠨ ᠲᠥᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠪᠡᠯᠡ ᠮᠥᠩᠭᠦ ᠣᠷᠣᠭᠤᠯᠣᠨ᠂ ᠴᠢᠳᠠᠪᠣᠷᠢᠲᠠᠨ ᠣᠷᠢᠵᠣ ᠠᠪᠴᠢᠷᠠᠬᠤ ᠪᠠᠷ ᠳᠠᠮᠵᠢᠨ᠂ ᠨᠠᠩ ᠣᠯᠠᠨ ᠰᠢᠯᠢᠳᠡᠭ ᠠᠵᠢᠯ ᠤᠨ ᠪᠠᠶᠢᠷᠢ ᠡᠭᠦᠳᠴᠦ᠂ | ᠨᠠᠩ ᠣᠯᠠᠨ ᠰᠢᠯᠢᠳᠡᠭ ᠴᠢᠳᠠᠪᠤᠷᠢᠲᠠᠨ ᠢ ᠮᠠᠨ ᠤ ᠬᠤᠰᠢᠭᠤᠨ ᠳᠤ ᠦᠯᠡᠳᠡᠭᠡᠨ᠎ᠡ᠃ ᠨᠠᠰᠤᠲᠠᠶᠢᠴᠤᠳ᠂ ᠵᠡᠮᠳᠡᠭᠴᠦᠳ᠂ ᠡᠮᠡᠭᠲᠡᠶᠢᠴᠦᠳ ᠬᠡᠦᠬᠡᠳ ᠢ ᠬᠠᠯᠠᠮᠵᠢᠯᠠᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ | ᠥᠷᠲᠡᠭᠡ ᠶᠢ ᠪᠠᠶᠢᠭᠤᠯᠬᠤ ᠶᠢ ᠰᠦᠪᠡᠭᠴᠢᠯᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠥᠮᠦᠰ ᠢ ᠬᠦᠴᠢᠷᠳᠡᠯ ᠤᠨ | ᠡᠮᠦᠨ᠎ᠡ ᠳᠣᠲᠣᠷ᠎ᠠ ᠪᠠᠨ ᠲᠤᠭ᠎ᠠ ᠲᠠᠢ᠂ ᠠᠮᠢᠳᠤᠷᠠᠯ ᠢ ᠨᠢ ᠲᠦᠰᠢᠭ ᠲᠤᠯᠭᠠᠭᠤᠷᠢ ᠲᠠᠢ ᠪᠣᠯᠭᠠᠨ᠎ᠠ᠃ ᠰᠣᠶᠣᠯ ᠤᠨ ᠦᠢᠯᠡᠴᠢᠯᠡᠬᠡᠨ ᠤ ᠬᠠᠩᠭᠠᠯᠭ᠎ᠠ ᠶᠢ | ᠪᠠᠶᠠᠯᠢᠭᠵᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠭᠤᠣᠯ ᠬᠥᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠪᠠᠳᠠᠷᠠᠭᠤᠯᠤᠨ᠎ᠠ᠃ | ᠤᠯᠠᠭᠠᠨᠮᠥ᠋ᠴᠢᠷ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠶᠠᠪᠤᠭᠳᠠᠭᠤᠯᠵᠤ᠂ ᠠᠷᠠᠳ ᠣᠯᠠᠨ ᠤ ᠣᠶᠤᠨ ᠤ ᠠᠮᠢᠳᠤᠷᠠᠯ ᠢ ᠨᠠᠩ ᠡᠯᠪᠡᠭ ᠪᠠᠶᠠᠯᠢᠭ ᠪᠣᠯᠭᠠᠨ᠎ᠠ᠃ ᠬᠤᠲᠠ ᠶᠢᠨ | ᠲᠣᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ᠂ ᠬᠠᠭᠤᠴᠢᠨ ᠦᠢᠯᠡᠳᠪᠦᠷᠢ ᠶᠢᠨ ᠲᠠᠰᠤᠭ ᠤᠨ ᠲᠥᠬᠦᠭᠡᠷᠦᠮᠵᠢ ᠳᠤ ᠲᠦᠰᠢᠭᠯᠡᠨ᠂ ᠪᠢᠩᠲ᠋ᠤᠸᠠᠨ ᠤ | ᠰᠡᠬᠡᠭᠡᠲᠡᠨ ᠵᠠᠯᠠᠭᠤᠴᠤᠳ ᠤᠨ ᠠᠮᠢᠳᠤᠷᠠᠯ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠣᠷᠳᠣᠨ ᠵᠡᠷᠭᠡ ᠮᠦᠽᠧᠶ ᠶᠢᠨ | ᠴᠤᠭᠯᠠᠷᠠᠯ ᠢ ᠦᠭᠡᠷᠡᠴᠢᠯᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠨ᠎ᠠ᠃ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠤᠯᠤᠰ ᠤᠨ ᠤᠷᠳᠤ ᠴᠠᠭᠠᠨ | ᠬᠡᠷᠡᠮ ᠤᠨ ᠰᠣᠶᠣᠯ ᠤᠨ ᠴᠡᠴᠡᠷᠯᠢᠭ ᠪᠣᠯᠤᠨ ᠬᠠᠳᠤᠨ ᠭᠤᠣᠯ ᠤᠨ ᠤᠯᠤᠰ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ ᠢ ᠲᠥᠯᠥᠪᠵᠢᠭᠦᠯᠦᠨ ᠪᠠᠶᠢᠭᠤᠯᠤᠨ᠎ᠠ᠃ | ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠡᠮᠦᠨᠡᠲᠦ ᠬᠤᠰᠢᠭᠤᠨ ᠤ | ᠥᠯᠢᠭᠡᠷ ᠢ ᠰᠠᠶᠢᠲᠤᠷ ᠶᠠᠷᠢᠵᠤ᠂ ᠡᠮᠦᠨᠡᠲᠦ ᠬᠤᠰᠢᠭᠤᠨ ᠤ ᠲᠠᠭᠤᠨ ᠢ ᠳᠠᠮᠵᠢᠭᠤᠯᠵᠤ᠂ ᠨᠠᠩ ᠣᠯᠠᠨ ᠬᠥᠮᠦᠨ ᠳᠤ ᠡᠮᠦᠨᠡᠲᠦ ᠬᠤᠰᠢᠭᠤ ᠪᠠᠨ ᠣᠶᠢᠯᠠᠭᠠᠭᠤᠯᠵᠣ | ᠮᠡᠳᠡᠭᠦᠯᠵᠣ᠂ ᠡᠮᠦᠨᠡᠲᠦ ᠬᠤᠰᠢᠭᠤ ᠶᠢ ᠬᠠᠶᠢᠷᠠᠯᠠᠬᠤ ᠪᠤᠯᠭᠠᠨ᠎ᠠ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠡᠶᠢᠭᠡᠮ ᠤᠨ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠵᠢᠷᠤᠮᠵᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ᠃ ᠮᠥᠩᠭᠦᠨ ᠭᠦᠢᠯᠭᠡᠭᠡ᠂ ᠥᠷᠢ ᠥᠭᠴᠡᠭᠡ᠂ ᠨᠡᠶᠢᠭᠡᠮ ᠤᠨ ᠬᠠᠮᠢᠶᠠᠷᠤᠯᠲᠠ ᠡᠵᠡᠮᠳᠡᠯ ᠵᠡᠷᠭᠡ ᠡᠯ᠎ᠡ ᠲᠥᠷᠥᠯ ᠤᠨ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ | ᠬᠢᠵᠠᠭᠠᠷ ᠱᠤᠭᠤᠮ ᠢ ᠡᠷᠡᠰ ᠰᠠᠬᠢᠨ᠎ᠠ᠃ ᠢᠳᠡᠭᠡᠨ ᠪᠠ ᠡᠮ ᠤᠨ ᠵᠦᠢᠯ᠂ ᠠᠭᠤᠷᠬᠠᠶ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠳᠠᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠭᠳᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠶᠤᠯ ᠭᠠᠮᠰᠢᠭ ᠠᠴᠠ | ᠠᠪᠤᠷᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢᠵᠢᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠠᠬᠢᠭᠤᠯᠵᠤ᠂ ᠪᠦᠬᠦ ᠠᠷᠠᠳ ᠤᠨ ᠬᠠᠤᠯᠢ ᠶᠢ ᠰᠤᠷᠤᠯᠴᠠᠬᠤ᠂ ᠬᠠᠤᠯᠢ ᠶᠢ ᠬᠦᠨᠳᠦᠳᠬᠡᠬᠦ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠬᠠᠤᠯᠢ ᠪᠤᠰᠤ ᠱᠠᠰᠢᠨ ᠰᠤᠷᠲᠠᠬᠤᠨ ᠤ | ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ | ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠰᠠᠬᠢᠨ | ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠳᠠᠪᠰᠢᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ | ᠲᠥᠯᠥᠭᠡᠯᠡᠭᠴᠢᠳ ᠡ᠂ ᠰᠢᠨ᠎ᠡ ᠬᠠᠷᠠᠯᠲᠠ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠂ ᠰᠢᠨ᠎ᠡ ᠠᠶᠠᠨ ᠵᠠᠮ ᠤᠨ ᠡᠭᠦᠷᠭᠡ ᠬᠦᠨᠳᠦ᠂ ᠵᠠᠮ ᠪᠠᠰᠠ ᠬᠤᠯᠠ | ᠪᠠᠶᠢᠭᠰᠠᠭᠠᠷ᠃ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠤ | ᠴᠥᠬᠦᠷᠡᠰᠢ ᠥᠬᠡᠶ ᠴᠢᠷᠮᠠᠶᠢᠯᠭ᠎ᠠ ᠪᠠᠷ᠂ ᠢᠷᠡᠬᠦ ᠲᠠᠪᠤᠨ ᠵᠢᠯ ᠤᠨ ᠠᠤᠭ᠎ᠠ ᠲᠥᠰᠦᠪ ᠯᠠᠪᠳᠠᠶᠢᠶ᠎ᠠ ᠪᠣᠳᠠᠲᠤ ᠠᠬᠤᠶ ᠪᠣᠯᠵᠣ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠶᠢ ᠯᠠᠪᠲᠠᠶ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ ᠮᠦᠨ | ᠴᠤ ᠪᠢᠳᠡᠨ ᠤ ᠰᠢᠨ᠎ᠡ ᠠᠵᠠ ᠲᠣᠬᠢᠶᠠᠯ ᠢ ᠡᠵᠡᠮᠳᠡᠨ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠪᠢᠳᠡ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠣᠷᠤᠨ ᠬᠤᠲᠠ ᠬᠤᠰᠢᠭᠤᠨ ᠤ ᠪᠦᠬᠦ ᠬᠡᠰᠢᠬᠦᠳ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠡᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠡᠷᠭᠢᠯᠲᠡ | ᠵᠣᠬᠢᠰᠲᠠᠶ ᠬᠡᠪᠴᠢᠶᠡᠨ ᠳᠤ ᠪᠠᠶᠢᠬᠤ ᠶᠢ ᠪᠠᠲᠣᠯᠠᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃ ᠭᠤᠤᠯ ᠵᠢᠱᠢᠭᠰᠡᠨ ᠬᠠᠷᠠᠯᠲᠠ ᠪᠣᠯ᠄ | ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6% ᠠᠴᠠ ᠳᠡᠭᠡᠭᠰᠢ ᠨᠡᠮᠡᠭᠳᠡᠭᠦᠯᠦᠨ᠂ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 10% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠡᠳ᠋ ᠬᠦᠷᠦᠩᠭᠡ ᠶᠢᠨ ᠪᠡᠯᠡ ᠣᠷᠣᠭᠤᠯᠤᠯᠲᠠ ᠶᠢ 8% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠨᠤᠷᠮ᠎ᠠ ᠶᠢ 6% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | ᠲᠤᠰ ᠲᠤᠰ 6% ᠪᠠ 8% ᠣᠷᠴᠢᠮ ᠨᠡᠮᠡᠭᠳᠡᠭᠦᠯᠵᠦ᠂ ᠲᠦᠮᠡᠨ ᠲᠦᠬᠦᠷᠢᠭ ᠤᠨ GDP ᠤᠨ ᠡᠨᠧᠷᠭᠢ ᠶᠢᠨ ᠬᠤᠷᠣᠭᠳᠠᠭᠤᠯᠤᠯ ᠢ ᠪᠦᠲᠦᠮᠵᠢᠲᠡᠶ ᠪᠠᠷ | ᠪᠠᠭᠤᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ | ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃ | ︵ᠨᠢᠭᠡ︶ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠡᠷᠴᠢᠮ ᠢ ᠴᠢᠩᠭᠠᠷᠠᠭᠤᠯᠣᠨ᠎ᠠ᠃ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠬᠠᠮᠠᠭᠠᠯᠠᠯᠳᠠ ᠶᠢᠨ ᠨᠡᠶᠢᠲᠡ ᠶᠢᠨ ᠠᠰᠠᠷᠠᠮᠵᠢ ᠶᠢᠨ ᠤᠢ ᠶᠢ | ᠪᠠᠶᠢᠭᠤᠯᠬᠤ᠂ ᠬᠥᠷᠥᠰᠥ ᠰᠢᠷᠣᠢ ᠶᠢᠨ ᠬᠠᠮᠠᠭᠠᠯᠠᠯᠲᠠ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠬᠠᠳᠤᠨ ᠭᠤᠣᠯ ᠳᠠᠭᠠᠤ ᠪᠠ G 6 ᠥᠨᠳᠥᠷ ᠬᠤᠷᠳᠤᠴᠠᠲᠤ ᠵᠠᠰᠠᠮᠠᠯ ᠵᠠᠮ᠂ 311 ᠮᠤᠵᠢ ᠶᠢᠨ ᠵᠠᠮ ᠤᠨ ᠬᠤᠶᠠᠷ ᠬᠠᠵᠠᠭᠤ ᠵᠡᠷᠭᠡ ᠭᠤᠣᠯᠳᠠᠯᠭ᠎ᠠ ᠲᠠᠢ ᠣᠷᠣᠨ ᠳᠤ | ᠮᠣᠳᠣ ᠨᠥᠬᠦᠵᠦ ᠣᠶᠢᠵᠢᠭᠤᠯᠤᠨ᠂ 4 ᠲᠦᠮᠡᠨ ᠮᠦ ᠮᠣᠳᠣ ᠲᠠᠷᠢᠵᠤ ᠣᠶᠢᠵᠢᠭᠤᠯᠵᠤ ᠂ 9 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠶᠢ | ᠪᠡᠶᠡᠯᠡᠭᠦᠯᠦᠨ᠎ᠡ᠃ ᠬᠤᠭᠤᠴᠠᠭᠠᠨ ᠳᠤ ᠪᠠᠶᠢᠭ᠎ᠠ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ ᠭᠦᠨᠵᠡᠭᠡᠶ ᠲᠥᠯᠬᠢᠨ ᠠᠬᠢᠭᠤᠯᠵᠤ᠂ 15 ᠠᠴᠠ ᠳᠡᠭᠡᠭᠰᠢᠬᠢ ᠵᠢᠵᠢᠭ ᠬᠡᠯᠪᠡᠷᠢ ᠶᠢᠨ ᠠᠭᠤᠷᠬᠠᠶ | ᠪᠠ ᠦᠯᠡᠳᠡᠭᠳᠡᠯ ᠠᠭᠤᠷᠬᠠᠢ ᠤᠨ ᠬᠥᠮᠥᠷᠭᠡ ᠶᠢ ᠡᠮᠬᠢᠯᠡᠨ ᠨᠡᠶᠢᠯᠡᠭᠦᠯᠵᠦ ᠬᠠᠭᠠᠨ᠂ ᠮᠤᠨᠠ ᠠᠭᠤᠯᠠ ᠶᠢᠨ ᠡᠷᠬᠢᠨ ᠲᠣᠭᠤᠷᠢᠨ ᠤ ᠲᠡᠮᠣᠷ ᠤᠨ ᠠᠭᠤᠷᠬᠠᠶ ᠶᠢᠨ ᠠᠵᠤ | ᠠᠬᠤᠶᠢᠯᠠᠯ ᠢ ᠡᠮᠬᠢᠯᠡᠨ ᠨᠡᠶᠢᠯᠡᠭᠦᠯᠦᠭᠡᠳ 3 ᠡᠷᠦᠬᠡ ᠪᠣᠯᠭᠠᠵᠤ᠂ ᠲᠤᠮᠤ ᠳᠤᠮᠳᠠ ᠬᠡᠯᠪᠡᠷᠢ ᠶᠢᠨ ᠠᠭᠤᠷᠬᠠᠶ ᠶᠢᠨ ᠡᠵᠡᠯᠡᠬᠦ ᠬᠠᠷᠢᠴᠠᠯ ᠢ 45% ᠠᠴᠠ ᠳᠡᠭᠡᠭᠰᠢ ᠳᠤ | ᠬᠦᠷᠦᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 6 ᠲᠦᠮᠡᠨ ᠮᠥ ᠨᠤᠲᠤᠭ ᠪᠡᠯᠴᠢᠭᠡᠷ ᠤᠨ ᠠᠮᠢ | ᠠᠬᠤᠶ ᠶᠢ ᠵᠠᠰᠠᠨ ᠰᠡᠷᠭᠦᠭᠡᠬᠦ ᠶᠢ ᠪᠡᠶᠡᠯᠡᠭᠦᠯᠦᠨ᠎ᠡ᠃ ᠬᠤᠶᠢᠲᠤ ᠲᠡᠬᠦᠷᠭᠡ ᠶᠢᠨ ᠴᠢᠭᠢᠭᠯᠢᠭ ᠭᠠᠵᠠᠷ ᠤᠨ ᠭᠤᠣᠯ ᠮᠥᠷᠡᠨ ᠨᠠᠭᠤᠷ ᠴᠥᠭᠦᠷᠥᠮ ᠢ ᠬᠤᠯᠪᠣᠭᠰᠠᠨ ᠠᠮᠢ | ᠠᠬᠤᠶ ᠶᠢ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠤᠳᠠ ᠶᠢᠨ ᠲᠡᠬᠦᠷᠭᠡ ᠶᠢᠨ ᠠᠮᠢ ᠠᠬᠤᠶ ᠶᠢᠨ ᠣᠷᠴᠢᠨ ᠨᠥᠬᠦᠴᠡᠯ ᠪᠠ ᠬᠤᠳᠠ ᠶᠢᠨ | ᠲᠣᠭᠤᠷᠢᠭ ᠤᠨ ᠪᠠᠭ᠎ᠠ ᠠᠭᠤᠷ ᠠᠮᠢᠰᠬᠤᠯ ᠢ ᠪᠦᠲᠦᠮᠵᠢᠲᠡᠶ ᠰᠠᠶᠢᠵᠢᠷᠠᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠨ᠎ᠠ᠃ ᠪᠠᠷᠢᠯᠭ᠎ᠠ ᠶᠢᠨ ᠠᠵᠢᠯ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠵᠡᠷᠭᠡ ᠶᠢᠨ ᠳᠡᠭᠳᠡᠮᠡᠯ ᠲᠣᠭᠤᠰᠣ ᠶᠢ ᠵᠠᠰᠠᠬᠤ ᠶᠢ ᠴᠢᠩᠭᠠᠳᠬᠠᠵᠤ᠂ | ᠮᠤᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠦᠷᠢ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠩ ᠬᠤᠸᠠ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠪᠢᠲᠡᠭᠦᠮᠵᠢᠯᠡᠭᠰᠡᠨ ᠨᠡᠭᠦᠷᠡᠰᠦᠨ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ | ᠡᠰᠢ ᠰᠦᠷᠡᠯ ᠢ ᠰᠢᠲᠠᠭᠠᠬᠤ ᠶᠢ ᠪᠥᠬᠦ ᠲᠠᠯ᠎ᠠ ᠪᠠᠷ ᠴᠠᠭᠠᠵᠠᠯᠠᠨ᠂ ᠠᠷᠢᠭᠤᠨ ᠴᠡᠪᠡᠷ ᠢᠶᠠᠷ ᠳᠤᠯᠠᠭᠠᠯᠠᠬᠤ ᠶᠢ ᠡᠮᠬᠢ ᠵᠢᠷᠤᠮ ᠲᠠᠢ ᠠᠬᠢᠭᠤᠯᠵᠤ᠂ ︽ᠲᠠᠷᠠᠬᠠᠶ ᠪᠤᠲᠠᠷᠬᠠᠶ᠂ | ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠢ ᠬᠦᠴᠦᠯᠡᠨ | ᠰᠠᠶᠢᠵᠢᠷᠠᠭᠤᠯᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠬᠦᠨᠵᠡᠬᠡᠶᠢᠷᠡᠬᠦᠯᠵᠦ᠂ ᠬᠠᠲᠤᠨ ᠭᠤᠤᠯ ᠤᠨ ᠲᠠᠩ ᠤᠨ ᠣᠷᠤᠨ ᠳᠤ | ᠲᠠᠷᠢᠬᠤ ᠶᠢ ᠴᠠᠭᠠᠵᠠᠯᠠᠬᠤ ᠪᠠ ᠣᠯᠠᠨ ᠡᠬᠢᠳᠤ ᠪᠣᠬᠢᠷᠲᠤᠯ ᠢ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠰᠢᠨ ᠴᠠᠬᠢᠯᠭᠠᠨ ᠬᠤᠳᠳᠤᠭ ᠤᠨ ︽ | ᠴᠠᠬᠢᠯᠭᠠᠨ ᠢᠶᠠᠷ ᠣᠰᠣᠨ ᠤ ᠦᠨ᠎ᠡ ᠶᠢ ᠨᠤᠭᠤᠯᠤᠨ ᠪᠤᠳᠤᠬᠤ︾ ᠬᠠᠮᠢᠶᠠᠷᠤᠯᠲᠠ᠂ ᠴᠥᠭᠦᠷᠥᠮ ᠤᠨ ᠣᠷᠣᠨ ᠳᠤ ᠳᠤᠰᠤᠯᠭᠠᠨ ᠤᠰᠤᠯᠠᠬᠤ᠂ ᠦᠶᠡᠷ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠵᠢᠴᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠵᠡᠷᠭᠡ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ | ᠢᠨᠵᠧᠨᠧᠷᠢᠩ ᠢ ᠪᠥᠬᠦ ᠬᠦᠴᠦᠨ ᠢᠶᠠᠷ ᠠᠬᠢᠭᠤᠯᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠭᠰᠠᠨ ᠬᠡᠮᠵᠢᠶ᠎ᠡ ᠶᠢ 500 ᠲᠦᠮᠡᠨ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠪᠠᠭᠠᠰᠬᠠᠨ᠎ᠠ᠃ ᠠᠮᠢᠳᠤᠷᠠᠯ ᠤᠨ ᠬᠤᠭ ᠨᠣᠪᠰᠢ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ | ᠪᠠᠷᠢᠯᠭ᠎ᠠ ᠶᠢᠨ ᠬᠤᠭ ᠨᠣᠪᠰᠢ ᠵᠡᠷᠭᠡ ᠶᠢ ᠣᠪᠣᠭᠠᠯᠠᠨ ᠲᠠᠯᠪᠢᠬᠤ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠪᠠᠶᠢᠴᠠᠭᠠᠨ ᠦᠨᠡᠯᠡᠬᠦ ᠪᠠ ᠰᠡᠷᠭᠡᠶᠢᠯᠡᠨ ᠵᠠᠰᠠᠬᠤ | ᠠᠵᠢᠯ ᠢ ᠥᠷᠨᠢᠭᠦᠯᠵᠦ᠂ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠤᠯᠤᠰ ᠤᠨ ᠪᠠᠷᠢᠮᠵᠢᠶᠠᠲᠤ | ᠰᠦᠯᠢᠶᠣᠣ ᠪᠦᠷᠬᠦᠪᠴᠢ ᠶᠢ ᠬᠡᠷᠡᠭᠯᠡᠬᠦ ᠪᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ | ᠨᠡᠶᠢᠳᠡᠮ ᠬᠢᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠤᠷᠮ᠎ᠠ ᠪᠠ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠨᠤᠷᠮ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠨ᠎ᠡ᠃ ᠲᠡᠭᠡᠳᠦ ᠱᠠᠳᠤᠨ ᠤ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠪᠠᠳᠠᠨ ᠪᠠᠶᠢᠴᠠᠭᠠᠯᠳᠠ᠂ ᠲᠤᠮᠳᠠᠳᠠᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ | ᠲᠢᠩᠭᠢᠮ ᠤᠨ ᠬᠠᠷᠢᠭᠤ ᠰᠤᠷᠪᠤᠯᠵᠢᠯᠠᠭ᠎ᠠ ᠶᠢᠨ ᠪᠠᠶᠢᠴᠠᠭᠠᠨ ᠰᠣᠳᠣᠯᠣᠯᠳᠠ ᠶᠢᠨ ᠮᠡᠳᠡᠬᠦᠯᠦᠯᠳᠡ ᠪᠠ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠦᠬᠡᠷᠡᠴᠢᠯᠡᠬᠦ ᠠᠵᠢᠯ ᠢ ᠦᠨᠳᠦᠷ ᠪᠠᠷᠢᠮᠵᠢᠶ᠎ᠠ ᠪᠠᠷ ᠪᠡᠶᠡᠯᠡᠬᠦᠯᠵᠦ᠂ ᠠᠮᠢ ᠠᠬᠤᠢ ᠶᠢᠨ ᠵᠠᠰᠠᠯᠳᠠ ᠶᠢᠨ ᠪᠤᠳᠠᠳᠤ ᠦᠷ᠎ᠡ ᠪᠦᠳᠦᠮᠵᠢ ᠪᠠᠷ ᠰᠢᠨ᠎ᠠ ᠨᠢᠬᠡ | ᠡᠬᠡᠯᠵᠢ ᠶᠢᠨ ᠲᠦᠪ ᠤᠨ ᠤᠷᠴᠢᠨ ᠠᠬᠤᠢ ᠶᠢᠨ ᠬᠠᠮᠠᠭᠠᠯᠠᠯᠳᠠ ᠶᠢᠨ ᠰᠢᠪᠠᠳᠠᠨ ᠪᠠᠶᠢᠴᠠᠭᠠᠯᠳᠠ ᠶᠢ ᠤᠭᠳᠤᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ ︽ᠦᠨᠳᠦᠰᠦᠲᠡᠨ ᠢᠶᠠᠨ | ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ︾᠃ ᠮᠠᠯᠵᠢᠬᠤ ᠲᠠᠷᠢᠶᠠᠯᠠᠬᠤ ᠣᠷᠣᠨ ᠤ ᠳᠣᠲᠣᠭᠠᠳᠤ | ᠬᠡᠷᠡᠭᠴᠡᠭᠡ ᠶᠢᠨ ᠳᠠᠯᠳᠠ ᠬᠦᠴᠦᠨ ᠢ ᠠᠭᠤᠳᠠᠯᠵᠤ᠂ ᠪᠥᠬᠦ ᠬᠤᠰᠢᠭᠤᠨ ᠤ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠡᠷᠡᠭᠲᠡᠶ᠃ ᠪᠠᠬᠢᠵᠢᠭᠦᠯᠦᠨ ᠥᠷᠭᠡᠳᠬᠡᠬᠦ ᠠᠵᠢᠯ ᠢ ᠰᠠᠶᠢᠲᠤᠷ ᠬᠢᠨ᠎ᠠ᠃ ︽ᠶᠠᠳᠠᠭᠤ ᠶᠢ ᠰᠡᠷᠬᠡᠶᠢᠯᠡᠬᠦ ᠪᠠᠳᠤᠯᠠᠭ᠎ᠠ︾ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠪᠠᠶᠢᠭᠤᠵᠢᠭᠤᠯᠤᠨ ᠬᠢᠨᠡᠨ ᠬᠡᠮᠵᠢᠵᠦ᠂ ᠠᠮᠠᠷᠬᠠᠨ ᠶᠠᠳᠠᠭᠤᠷᠠᠬᠤ ᠪᠠ ᠶᠠᠳᠠᠭᠤᠷᠠᠬᠤ ᠬᠥᠮᠦᠨ ᠠᠮᠠ ᠶᠢ ᠬᠥᠳᠡᠯᠦᠩᠭᠦᠢ ᠪᠠᠷ ᠬᠠᠪᠰᠤᠷᠤᠨ | ᠲᠡᠳᠬᠦᠵᠦ᠂ ᠡᠷᠲᠡ ᠢᠯᠡᠷᠡᠭᠦᠯᠵᠦ᠂ ᠡᠷᠲᠡ ᠭᠠᠷ ᠲᠦᠷᠦᠵᠤ᠂ ᠡᠷᠲᠡ ᠬᠠᠪᠰᠤᠷᠤᠨ ᠲᠡᠳᠬᠦᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠪᠠᠶᠢᠳᠠᠯ | ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ | ᠲᠣᠭᠲᠠᠴᠠ ᠶᠢ ᠭᠦᠨᠵᠡᠭᠡᠶᠢᠷᠡᠭᠦᠯᠦᠨ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ | ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ | ᠃ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ︽ᠠᠮᠢᠨ ᠰᠤᠳᠠᠰᠤ︾ ᠮᠥᠨ ᠪᠣᠯᠬᠤᠷ ᠠᠮᠤ ᠪᠤᠳᠠᠭᠠᠨ ᠤ ᠠᠮᠤᠷ ᠲᠦᠪᠰᠢᠨ ᠤ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠠᠮᠤ ᠪᠤᠳᠠᠭᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠠᠷᠢᠶᠠᠨ ᠭᠠᠵᠠᠷ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠪᠦᠳᠦᠬᠡᠨ ᠪᠠᠶᠢᠭᠤᠯᠤᠯᠳᠠ᠂ ᠬᠠᠲᠤᠨ ᠭᠤᠣᠯ ᠤᠨ | ᠤᠰᠤᠯᠤᠯᠲᠠ ᠶᠢᠨ ᠣᠷᠣᠨ ᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠶᠢ 4 ᠲᠦᠮᠡᠨ ᠮᠤ᠋᠂ ᠬᠥᠷᠥᠰᠥ ᠰᠢᠷᠣᠶ ᠶᠢ ᠰᠤᠯᠠᠷᠠᠭᠤᠯᠬᠤ᠂ ᠡᠭᠡᠯᠵᠢᠯᠡᠨ ᠲᠠᠷᠢᠬᠤ | ᠵᠡᠷᠭᠡ ᠲᠠᠷᠢᠶᠠᠯᠠᠩ ᠤᠨ ᠮᠡᠷᠭᠡᠵᠢᠯ ᠤᠨ ᠲᠦᠷᠦᠯ ᠵᠦᠢᠯ ᠢ 20 ᠲᠦᠮᠡᠨ ᠮᠦ ᠲᠡᠯᠬᠡᠷᠡᠭᠦᠯᠵᠦ᠂ ᠪᠡᠯᠡᠳᠬᠡᠮᠵᠢᠲᠦ ᠲᠠᠷᠢᠶᠠᠯᠠᠩ ᠢ 2000 ᠮᠦ ᠰᠢᠨ᠎ᠡ ᠪᠠᠷ | ᠨᠡᠮᠡᠭᠳᠡᠭᠦᠯᠦᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠤ ᠦᠢᠯᠡᠰ ᠤᠨ | ᠬᠥᠭᠵᠢᠯᠲᠡ ᠶᠢᠨ ᠠᠵᠢᠯ ᠢ ᠰᠠᠶᠢᠲᠤᠷ ᠬᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠬᠢᠳᠠᠨ ᠤ ᠠᠮᠲᠠᠲᠤ ᠵᠢᠮᠢᠰ᠂ | ᠶᠡᠭᠡ ᠰᠢᠭᠡᠲᠡᠢ ᠶᠢᠨ ᠯᠠᠵᠤᠤ᠂ ᠪᠠᠭ᠎ᠠ ᠰᠢᠭᠡᠲᠡᠢ ᠶᠢᠨ ᠠᠯᠠᠭ ᠮᠥᠭᠦ᠂ ᠤᠯᠢᠶᠠᠰᠤ ᠨᠠᠭᠤᠷ ᠤᠨ ᠳᠡᠯᠳᠡᠦ᠂ ᠾᠸᠢ ᠯᠢᠤ ᠽᠢ ᠶᠢᠨ ᠠᠮᠲᠠᠲᠤ ᠬᠡᠮᠬᠡ᠂ ᠸᠠ ᠶᠣᠣ ᠲᠠᠨ | ᠤ ᠲᠠᠷᠪᠤᠰ ᠵᠡᠷᠭᠡ ᠠᠵᠤ ᠦᠢᠯᠡᠰ ᠤᠨ ᠬᠥᠭᠵᠢᠨ ᠪᠤᠵᠠᠭᠠᠢᠷᠠᠬᠤ ᠶᠢ ᠵᠣᠷᠢᠭᠵᠢᠭᠤᠯᠤᠨ ᠳᠠᠮᠵᠢᠵᠤ᠂ ᠶᠢᠨ ᠪᠦᠸᠧ ᠯᠢ ᠤᠳᠤ ᠦᠶ᠎ᠡ ᠶᠢᠨ ᠠᠵᠤ ᠦᠢᠯᠡᠰ ᠤᠨ ᠲᠡᠭᠡᠳᠦ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ᠂ ᠡᠷᠳᠡᠨᠢ ᠰᠢᠰᠢ ᠶᠢᠨ ᠤᠶᠤᠨᠳᠤ ᠦᠢᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠬᠦᠳᠬᠦ | ᠵᠢᠱᠢᠶ᠎ᠡ ᠦᠵᠡᠬᠦᠯᠬᠦ ᠬᠦᠷᠢᠶᠡᠯᠡᠩ᠂ ᠮᠢᠩᠭᠠᠨ ᠤ ᠰᠠᠷᠬᠢᠨᠠᠭ ᠮᠦᠬᠦ ᠶᠢᠨ ᠤᠨᠴᠠᠯᠢᠭᠳᠤ ᠠᠵᠤ ᠦᠢᠯᠡᠰ ᠤᠨ ᠵᠡᠷᠭᠡ 6 ᠵᠢᠱᠢᠶ᠎ᠡ ᠦᠵᠡᠭᠦᠯᠬᠦ ᠬᠦᠷᠢᠶᠡᠯᠡᠩ ᠢ | ᠪᠠᠶᠢᠭᠤᠯᠵᠤ᠂ ᠤᠨᠴᠠ ᠲᠦᠷᠦᠯ ᠤᠨ ᠡᠷᠳᠡᠨᠢ ᠰᠢᠰᠢ᠂ ᠴᠢᠨᠠᠷ ᠰᠠᠶᠢᠳᠠᠢ ᠪᠤᠭᠤᠳᠠᠢ᠂ ᠵᠢᠩᠭᠢᠨᠢ ᠡᠮ ᠤᠨ ᠮᠠᠲ᠋ᠧᠷᠢᠶᠠᠯ᠂ ᠬᠤᠯᠢᠮᠠᠭ ᠠᠮᠤ ᠵᠡᠷᠭᠡ ᠮᠢᠩᠭᠠᠨ ᠮᠤ᠋ ᠠᠴᠠ | ᠲᠡᠭᠡᠭᠰᠢᠬᠢ ᠤᠨᠴᠠᠯᠢᠭᠳᠤ ᠲᠠᠩ ᠪᠦᠳᠦᠬᠡᠭᠳᠡᠬᠦᠨ ᠤ 10 ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠦᠳᠦᠬᠡᠨ ᠪᠠᠶᠢᠭᠤᠯᠤᠨ᠎ᠠ᠃ ᠪᠦᠬᠦ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢᠶᠠᠷ ᠬᠥᠯᠳᠡᠭᠡᠵᠦ ᠬᠠᠳᠠᠭᠠᠯᠠᠬᠤ ᠲᠤᠷᠰᠢᠯᠲᠠ ᠶᠢᠨ ᠴᠡᠭ ᠤᠨ ᠲᠦᠷᠦᠯ ᠵᠦᠢᠯ ᠳᠤ | ᠲᠦᠰᠢᠭᠯᠡᠨ᠂ 32 ᠰᠠᠭᠤᠷᠢ ᠰᠢᠨ᠎ᠡ ᠰᠣᠷᠭᠤᠭ ᠢᠶᠠᠷ ᠬᠠᠳᠠᠭᠠᠯᠠᠵᠤ ᠬᠦᠯᠳᠡᠭᠡᠬᠦ ᠬᠡᠯᠬᠢᠶᠡᠵᠢᠭᠦᠯᠦᠭᠰᠡᠨ ᠲᠥᠬᠦᠭᠡᠷᠦᠮᠵᠢ ᠶᠢ ᠪᠠᠶᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠤᠷᠬᠢᠯ ᠢ ᠵᠥᠷᠢᠭᠦᠯᠦᠨ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠵᠦ᠂ ᠦᠨ᠎ᠡ ᠥᠰᠬᠦ ᠣᠷᠣᠨ ᠵᠠᠶ ᠶᠢ ᠳᠡᠭᠡᠭᠰᠢᠯᠡᠭᠦᠯᠦᠨ᠎ᠡ᠃ ᠮᠠᠯ | ᠤᠨᠤᠭ᠎ᠠ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠮᠧᠩ ᠨᠢᠤ ᠶᠢᠨ 10 ᠲᠦᠮᠡᠨ ᠰᠠᠭᠠᠯᠢ ᠶᠢᠨ ᠦᠨᠢᠶᠡᠨ ᠤ | ᠳᠡᠭᠡᠳᠦ ᠲᠠᠰ ᠤᠨ ᠰᠦ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠮᠦ ᠶᠤᠸᠠᠨ ᠤ ᠭᠠᠭ᠋ᠠᠶ ᠲᠡᠵᠢᠭᠡᠨ ᠦᠷᠡᠵᠢᠭᠦᠯᠬᠦ ᠲᠥᠷᠥᠯ ᠵᠦᠢᠯ ᠢ ᠡᠮᠬᠢ | ᠵᠢᠷᠤᠮ ᠲᠠᠢ ᠪᠠᠷ ᠳᠥᠯᠭᠢᠨ ᠠᠬᠢᠭᠤᠯᠵᠤ᠂ ᠢᠳᠡᠰᠢᠨ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ 5 ᠶᠢ ᠪᠠᠶᠢᠭᠤᠯᠤᠨ᠎ᠠ᠃ ᠮᠠᠯ | ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠢ ᠰᠦᠪᠡᠭᠴᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠬᠠᠩᠭᠠᠯᠭ᠎ᠠ ᠶᠢᠨ ᠠᠶᠤᠯ ᠦᠭᠡᠶ ᠶᠢ ᠪᠠᠲᠣᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠢᠳᠡᠪᠬᠢᠲᠡᠢ | ᠣᠷᠣᠭᠤᠯᠤᠨ ᠠᠪᠴᠢᠷᠠᠵᠤ᠂ ᠨᠤᠳᠤᠭ ᠤᠨ ᠠᠵᠤ ᠠᠬᠤᠶᠢᠯᠠᠯ᠂ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠶᠢᠨ ᠠᠵᠤ ᠦᠢᠯᠡᠰ ᠤᠨ | ᠬᠡᠯᠬᠢᠶᠡᠰᠦ᠂ ᠬᠠᠩᠭᠠᠯᠭ᠎ᠠ ᠶᠢᠨ ᠬᠡᠯᠬᠢᠶᠡᠰᠦ ᠳᠤ ᠠᠭᠤᠰᠤᠯᠴᠠᠬᠤ ᠶᠢ ᠳᠠᠶᠢᠴᠢᠯᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨ | ᠡᠳ᠋ᠰᠢᠭᠦᠯᠬᠦ ᠶᠢ ᠠᠬᠢᠭᠤᠯᠵᠤ᠂ ᠫᠠᠩ ᠨᠦᠩ ᠤᠨ 1000 ᠲᠣᠨ ᠤ ᠦᠬᠡᠷ ᠤᠨ ᠪᠣᠷᠴᠠ᠂ 1 ᠲᠦᠮᠡᠨ ᠲᠣᠨ ᠤ ᠬᠠᠭᠤᠷᠤᠭᠰᠠᠨ ᠪᠠᠷᠠᠭ᠎ᠠ᠂ 1 ᠲᠦᠮᠡᠨ ᠲᠣᠨ ᠤ | ᠲᠥᠮᠥᠰᠥ ᠶᠢᠨ ᠰᠤᠯᠠ ᠢᠳᠡᠭᠡᠨ ᠢ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠬᠤᠸᠠ ᠲᠦᠸᠧ ᠶᠢᠨ ᠪᠣᠬᠢᠷᠲᠤᠯ ᠦᠭᠡᠢ ᠠᠮᠢ | ᠠᠬᠤᠢ ᠶᠢᠨ ᠣᠷᠴᠢᠯ ᠠᠵᠤ ᠦᠢᠯᠡᠰ ᠤᠨ ᠬᠡᠯᠬᠢᠶᠡᠰᠦ ᠶᠢᠨ ᠲᠥᠷᠥᠯ ᠵᠦᠢᠯ ᠪᠠ ᠱᠠᠨᠳᠦ᠋ᠩ ᠤᠨ ᠭᠠᠵᠠᠷ ᠰᠢᠷᠣᠶ ᠶᠢᠨ ᠪᠦᠯᠦᠭᠯᠡᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠵᠤ᠂ ᠦᠢᠯᠡᠳᠬᠦᠨ ᠤ ᠨᠡᠮᠡᠯᠲᠡ ᠥᠷᠲᠡᠭ ᠢ ᠦᠨᠡᠨᠬᠦ | ᠳᠡᠭᠡᠭᠰᠢᠯᠡᠭᠦᠯᠦᠨ᠎ᠡ᠃ ᠨᠡᠷᠡᠲᠦ ᠲᠡᠮᠳᠡᠭ ᠢ ᠡᠭᠦᠳᠬᠦ ᠠᠵᠢᠯ ᠢ ᠰᠠᠶᠢᠲᠤᠷ ᠬᠢᠨ᠎ᠡ᠃ ︽ᠲᠩᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭᠲᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠵᠢᠴᠢ ᠨᠡᠷᠡᠲᠦ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ | ᠭᠤᠶᠤᠴᠢᠯᠠᠨ ᠮᠡᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠠᠵᠤ ᠦᠢᠯᠡᠰ ᠢᠶᠠᠷ ᠨᠡᠷᠡᠲᠦ ᠲᠡᠮᠳᠡᠭᠴᠢᠯᠡᠭᠰᠡᠨ ᠡᠵᠡᠩᠨᠡᠯᠲᠡ ᠶᠢ ᠠᠬᠢᠭᠤᠯᠵᠤ᠂ ᠵᠢᠯ ᠤᠨ | ᠳᠣᠲᠣᠷ᠎ᠠ ︽ᠲᠩᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠡᠷᠬᠡ ᠣᠯᠭᠤᠭᠰᠠᠨ | ᠪᠦᠲᠦᠭᠡᠭᠳᠡᠬᠦᠨ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠣ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾᠂ ︽ᠨᠡᠷᠡᠲᠦ᠂ ᠣᠨᠴᠠ᠂ ᠰᠢᠯᠢᠳᠡᠭ᠂ ᠰᠢᠨ᠎ᠡ ︾ | ᠭᠡᠷᠡᠴᠢᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠠᠷᠢᠮᠵᠢᠶᠠᠵᠢᠭᠤᠯᠤᠨ ᠬᠡᠷᠡᠭᠯᠡᠬᠦ ᠪᠠ ᠶᠠᠰᠤ ᠴᠢᠨᠠᠷ ᠢ ᠮᠥᠷᠳᠡᠨ | ᠤᠬᠤᠴᠢᠯᠠᠵᠤ ᠪᠣᠯᠬᠤ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠠᠵᠢᠯ ᠢ | ᠰᠠᠶᠢᠲᠤᠷ ᠬᠢᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ︾ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠡᠮᠦᠨᠡᠲᠦ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠣᠷᠣᠨ ᠤ ᠲᠠᠷᠢᠶᠠᠯᠠᠩ ᠤᠨ ᠶᠡᠭᠡ | ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠯᠤᠭ᠎ᠠ ᠢᠳᠡᠪᠬᠢᠲᠡᠶ ᠪᠠᠷ ᠬᠤᠷᠰᠢᠨ ᠰᠣᠯᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠢᠭᠡᠳ ᠦᠢᠯᠡᠴᠢᠯᠡᠭᠡᠨ ᠢ ᠴᠢᠩᠭᠠᠷᠠᠭᠤᠯᠤᠨ᠂ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾᠂ ︽ᠳ᠋ᠣᠺᠲ᠋ᠣᠷ ᠤᠨ ᠠᠵᠢᠯ ᠤᠨ | ᠥᠷᠲᠡᠭᠡ︾ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠡᠭᠡᠷ᠎ᠡ ᠦᠨᠡᠨᠬᠦ ᠤᠯᠠᠷᠢᠭᠤᠯᠤᠨ ᠬᠡᠷᠡᠭᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ | ᠰᠠᠶᠢᠲᠤᠷ ᠬᠢᠨ᠎ᠡ᠃ 110 ᠤᠯᠤᠰ ᠤᠨ ᠵᠠᠮ ᠪᠠ 215 ᠮᠤᠵᠢ ᠶᠢᠨ ᠵᠠᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠬᠥᠳᠡᠭᠡ ᠲᠣᠰᠬᠤᠨ ᠤ | ᠵᠠᠰᠠᠮᠠᠯ ᠵᠠᠮ ᠢ 210 ᠺᠢᠯᠣᠮᠧᠲᠷ ᠲᠠᠰ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠰᠠᠮᠠᠯ ᠵᠠᠮ︾ ᠤᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠵᠣᠷᠯᠣᠩ ᠤᠨ ᠥᠭᠡᠷᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ | 16 ᠢᠯᠭᠠᠳᠠᠰᠣ ᠶᠢ ᠰᠢᠢᠳᠪᠦᠷᠢᠯᠡᠬᠦ ᠰᠢᠰᠲ᠋ᠧᠮ ᠢ ᠢᠵᠢ ᠪᠦᠷᠢᠳᠦᠭᠦᠯᠦᠨ ᠪᠠᠶᠢᠭᠤᠯᠵᠤ᠂ ᠡᠷᠦᠬᠡ ᠶᠢᠨ ᠵᠣᠷᠯᠣᠩ ᠤᠨ ᠬᠡᠷᠡᠭᠯᠡᠯᠳᠡ ᠶᠢᠨ ᠨᠣᠷᠮ᠎ᠠ ᠪᠠ ᠮᠠᠯᠴᠢᠨ | ᠲᠠᠷᠢᠶᠠᠴᠢᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ᠮᠤᠨᠠ ᠠᠭᠤᠯᠠ ᠴᠠᠬᠢᠯᠭᠠᠨ ᠭᠠᠷᠭᠠᠬᠤ ᠦᠢᠯᠡᠳᠪᠦᠷᠢ ᠮᠤᠨᠠ ᠠᠭᠤᠯᠠ ᠬᠢᠮᠢ ᠶᠢᠨ | ᠪᠤᠷᠳᠤᠭᠤᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠪᠠ ᠬᠥᠭᠦᠷᠭᠡ ᠶᠢᠨ ᠡᠮᠦᠨᠡᠬᠢ ᠭᠠᠵᠠᠷ ᠣᠷᠣᠨ ᠵᠡᠷᠭᠡ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ | ᠬᠥᠮᠦᠰ ᠤᠨ ᠣᠷᠣᠰᠢᠨ ᠰᠠᠭᠤᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ︽ᠲᠠᠪᠤᠨ ᠪᠠᠯᠭᠠᠰᠤ ᠳᠥᠷᠪᠡᠨ ᠲᠣᠰᠬᠤᠨ︾ ᠤ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ 35 ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ ᠶᠢ ᠡᠬᠢᠯᠡᠭᠦᠯᠦᠨ | ᠠᠵᠢᠯᠯᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠬᠦᠴᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠥᠳᠡᠭᠡ | ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢ ᠪᠦᠷᠢᠨᠰᠢᠬᠦᠯᠵᠤ᠂ ᠨᠢᠭᠡ ᠪᠦᠯᠦᠭ ᠲᠣᠰᠬᠤᠨ ᠤ ᠳᠦᠷᠰᠦ ᠪᠠᠶᠢᠳᠠᠯ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ | ᠨᠤᠲᠤᠭ ᠤᠨ ᠵᠠᠩᠰᠢᠯ ᠠᠷᠠᠳ ᠤᠨ ᠵᠠᠩ ᠦᠢᠯᠡ ᠶᠢᠨ ᠨᠡᠶᠢᠲᠡᠯᠢᠭ ᠵᠢᠱᠢᠶ᠎ᠡ ᠦᠵᠡᠭᠦᠯᠬᠦ ᠲᠣᠰᠬᠤᠨ ᠢ ᠰᠣᠩᠭᠤᠵᠣ᠂ ᠪᠦᠬᠦ ᠲᠣᠰᠬᠤᠨ ᠤ ᠠᠷᠠᠳ ᠢ ᠲᠠᠶᠢᠴᠢᠯᠠᠨ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦᠯᠦᠨ᠎ᠡ᠃ | ︵ᠭᠤᠷᠪᠠ︶ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠪᠡ ᠪᠠ ᠠᠵᠤ ᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠣᠷᠴᠢᠨ ᠲᠣᠭᠤᠷᠢᠨ ᠤ | ᠨᠥᠯᠥᠭᠡᠯᠡᠯ᠂ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠵᠡᠷᠭᠡ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠭᠡᠳᠬᠡᠨ ᠠᠬᠢᠭᠤᠯᠵᠤ᠂ ᠬᠦᠷᠢᠶᠡᠯᠡᠩ | ᠲᠣᠭᠤᠷᠢᠭ ᠤᠨ ᠲᠥᠯᠥᠪᠵᠢᠭᠦᠯᠭᠡ ᠶᠢᠨ ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠤᠷᠲᠤᠷᠢᠭ ᠤᠨ ᠳᠣᠯᠣᠳᠤᠭᠠᠷ ᠵᠠᠮ᠂ ᠥᠷᠭᠡᠷᠢᠭ ᠤᠨ | ᠬᠤᠶᠠᠳᠤᠭᠠᠷ ᠵᠠᠮ᠂ ᠥᠷᠭᠡᠷᠢᠭ ᠤᠨ ᠳᠣᠯᠣᠳᠤᠭᠠᠷ ᠵᠠᠮ ᠵᠡᠷᠭᠡ ᠲᠠᠰᠤᠷᠬᠠᠢ ᠵᠠᠮ ᠢ ᠨᠡᠪᠲᠡᠷᠡᠭᠦᠯᠵᠦ᠂ ᠵᠦᠩ ᠲᠠᠨ ᠤ ᠬᠤᠶᠢᠲᠤ ᠵᠠᠮ᠂ ᠳᠤᠮᠳᠠ ᠵᠠᠮ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠵᠠᠮ ᠤᠨ ᠲᠣᠣᠷ ᠢ ᠰᠠᠭᠠᠳ ᠦᠭᠡᠢ ᠨᠡᠪᠳᠡᠷᠡᠬᠦᠯᠵᠦ᠂ ᠣᠶᠤᠨᠴᠢ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠵᠠᠮ᠂ ᠴᠠᠬᠢᠯᠭᠠᠨ ᠬᠦᠷᠭᠡᠭᠦ | ᠴᠠᠭᠢᠯᠭᠠᠨ ᠲᠠᠳᠠᠯᠭ᠎ᠠ ᠶᠢᠨ ᠭᠤᠤ᠂ ᠪᠣᠬᠢᠷ ᠤᠰᠤᠨ ᠤ ᠬᠤᠭᠤᠯᠠᠢ ᠶᠢᠨ ᠲᠣᠣᠷ ᠵᠡᠷᠭᠡ ᠦᠯᠡᠳᠡᠭᠳᠡᠯ ᠪᠠᠷᠢᠯᠭ᠎ᠠ ᠶᠢ ᠲᠦᠷᠭᠡᠳᠬᠡᠨ ᠪᠠᠶᠢᠭᠤᠯᠵᠤ᠂ ᠵᠠᠮ ᠢ ᠨᠡᠪᠲᠡᠷᠡᠭᠦᠯᠬᠦ | ᠪᠠ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠠᠵᠤ ᠦᠢᠯᠡᠰ ᠤᠨ ᠲᠥᠷᠥᠯ ᠵᠦᠢᠯ ᠤᠨ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠤᠨ᠎ᠠ᠃ 23 ᠡᠷᠦᠬᠡ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ | ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠩ ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠮᠤᠨᠠ ᠠᠭᠤᠯᠠ ᠴᠠᠬᠢᠯᠭᠠᠨ ᠭᠠᠷᠭᠠᠬᠤ ᠦᠢᠯᠡᠳᠪᠦᠷᠢ | ᠵᠡᠷᠭᠡ ᠠᠵᠤ ᠠᠬᠤᠶᠢᠯᠠᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠵᠤ᠂ ᠤᠯᠠᠮᠵᠢᠯᠠᠯᠲᠤ ᠠᠵᠤ | ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠸᠠ ᠲᠦᠸᠧ ᠠᠭᠤᠷᠬᠠᠢ ᠶᠢᠨ ᠦᠢᠯᠡᠰ ᠤᠨ 3000 ᠲᠦᠮᠡᠨ | ᠲᠣᠨ ᠤ ᠲᠡᠮᠦᠷ ᠤᠨ ᠬᠦᠳᠡᠷ ᠪᠣᠯᠪᠠᠰᠤᠷᠠᠭᠤᠯᠬᠤ ᠵᠢᠴᠢ ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ᠂ ᠵᠢᠶ ᠵᠢᠶᠠ ᠠᠮᠢ ᠠᠬᠤᠶ ᠶᠢᠨ ᠠᠯᠳᠧᠭᠢᠳ᠋ ᠥᠬᠡᠶ ᠬᠤᠯᠤᠰᠤᠨ ᠭᠤᠤᠯᠳᠤ ᠬᠠᠪᠲᠠᠰᠤ᠂ ᠮᠧᠢ ᠬᠤᠸᠠ ᠶᠢᠨ 6 ᠲᠦᠮᠡᠨ ᠲᠣᠨ ᠤ ᠳᠠᠬᠢᠯᠲᠠ | ᠴᠠᠪᠠᠤ ᠶᠢᠨ ᠠᠵᠤ ᠦᠢᠯᠡᠰ ᠤᠨ ᠬᠡᠯᠬᠢᠶᠡᠵᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠰᠢᠨ | ᠰᠢᠨ ᠨᠡᠭᠦᠷᠡᠰᠦᠨ ᠠᠭᠤᠷᠬᠠᠢ ᠶᠢᠨ ᠵᠠᠳᠠᠭᠠᠢ ᠪᠠᠷ ᠨᠡᠭᠡᠭᠡᠨ ᠮᠠᠯᠲᠠᠬᠤ ᠪᠠ ᠵᠦᠩ ᠰᠢᠩ ᠪᠦᠯᠦᠭᠯᠡᠯ ᠤᠨ ᠲᠠᠢ ᠰᠢᠨ ᠰᠢᠶᠠᠩ ᠠᠯᠲᠠᠨ ᠤ ᠠᠭᠤᠷᠬᠠᠢ ᠶᠢ ᠨᠡᠭᠡᠭᠡᠨ ᠰᠢᠯᠢᠬᠦ | ᠂ ᠰᠠᠮᠫᠢᠯ ᠤᠨ ᠵᠢᠯᠠᠭ᠎ᠠ ᠶᠢᠨ ᠬᠦᠬᠦᠷᠲᠦ ᠲᠡᠮᠦᠷ ᠤᠨ ᠠᠭᠤᠷᠬᠠᠢ ᠶᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ | ᠂ ᠳ᠋ᠦᠩ ᠯᠢ ᠶᠢᠨ 4.8 ᠲᠦᠮᠡᠨ ᠲᠣᠨ ᠤ ᠥᠨᠳᠥᠷ ᠴᠡᠪᠡᠷᠴᠡᠲᠦ ᠲᠠᠯᠠᠰᠳᠤ ᠴᠠᠬᠢᠭᠤᠷ ᠢᠶᠠᠷ ᠲᠥᠬᠦᠷᠵᠢᠭᠦᠯᠦᠭᠰᠡᠨ ᠨᠡᠷᠡᠨ ᠡᠨᠧᠷᠭᠢ ᠶᠢᠨ ᠳ᠋ᠢᠶᠠᠨ ᡂᠢ ᠶᠢᠨ | ᠲᠣᠨᠣᠭᠯᠠᠭᠠᠰᠤ᠂ ᠶᠠᠩ ᠭᠤᠸᠠᠩ ᠪᠦᠯᠦᠭᠯᠡᠯ ᠤᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠵᠡᠷᠭᠡ ᠲᠥᠷᠥᠯ ᠵᠦᠢᠯ ᠢ | ᠰᠠᠭᠤᠷᠢᠰᠢᠭᠤᠯᠤᠨ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠲᠠ ᠤᠢᠭᠡᠢ | ᠨᠡᠮᠡᠭᠳᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠠᠷᠪᠠᠨ ᠳᠥᠷᠪᠡᠨ ᠠᠵᠤ ᠦᠢᠯᠡᠰ ᠤᠨ ᠬᠡᠯᠬᠢᠶᠡᠵᠢᠯ ᠪᠠ ᠪᠠᠶᠠᠨᠨᠠᠭᠤᠷ ᠬᠤᠲᠠ ᠶᠢᠨ ᠳᠣᠯᠣᠭᠠᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ | ᠲᠣᠭᠤᠷᠢᠨ ᠳᠤ᠂ ᠮᠠᠨ ᠤ ᠬᠤᠰᠢᠭᠤᠨ ᠤ ᠣᠳᠣ ᠶᠢᠨ ᠪᠠᠶᠢᠭ᠎ᠠ ᠠᠵᠤ ᠦᠢᠯᠡᠰ ᠪᠠ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠨᠢᠬᠡ ᠪᠦᠯᠦᠭ | ᠴᠢᠬᠤᠯᠠ ᠶᠡᠭᠡ ᠲᠦᠷᠦᠯ ᠵᠦᠢᠯ ᠢ ᠢᠳᠡᠪᠬᠢᠳᠡᠢ ᠠᠷᠭ᠎ᠠ ᠰᠦᠪᠡᠭᠴᠢᠯᠡᠨ ᠨᠦᠬᠡᠴᠡᠯᠡᠵᠦ᠂ ᠲᠷᠦᠯ ᠵᠦᠢᠯ ᠢ ᠲᠦᠯᠬᠢᠨ ᠠᠬᠢᠭᠤᠯᠬᠤ ᠬᠠᠮᠳᠤᠷᠠᠭᠰᠠᠨ ᠬᠤᠷᠠᠯ ᠤᠨ | ᠲᠦᠷᠢᠮ ᠢ ᠪᠠᠶᠢᠭᠤᠯᠤᠨ᠂ ᠲᠦᠷᠦᠯ ᠵᠦᠢᠯ ᠤᠨ ᠨᠠᠷᠢᠨ ᠬᠠᠭᠤᠳᠠᠴᠢᠯᠠᠭᠰᠠᠨ ᠬᠠᠮᠢᠶᠠᠷᠤᠯᠳᠠ ᠶᠢ ᠬᠡᠷᠡᠭᠵᠢᠬᠦᠯᠵᠦ᠂ ︽ᠨᠢᠬᠡ ᠪᠦᠯᠦᠭ ᠢ ᠲᠦᠰᠦᠪᠯᠡᠬᠦ᠂ ᠨᠢᠬᠡ ᠪᠦᠯᠦᠭ | ᠢ ᠨᠦᠬᠡᠴᠡᠯᠡᠬᠦ᠂ ᠨᠢᠬᠡ ᠪᠦᠯᠦᠭ ᠢ ᠬᠡᠷᠡᠭᠵᠢᠬᠦᠯᠬᠦ︾ ᠲᠦᠷᠦᠯ ᠵᠦᠢᠯ ᠤᠨ ᠦᠷᠬᠦᠯᠵᠢᠯᠡᠬᠦ ᠲᠤᠭᠳᠠᠴᠠ ᠶᠢ ᠪᠦᠷᠢᠯᠳᠦᠬᠦᠯᠦᠨ᠎ᠡ᠃ ︽几︾ ᠦᠰᠦᠭ ᠤᠨ | ᠮᠤᠷᠤᠶᠢᠭᠰᠠᠨ ᠬᠤᠳᠠ ᠶᠢᠨ ᠪᠦᠯᠦᠭᠵᠢᠯ᠂ ᠪᠡᠬᠡᠵᠢᠩ ᠲᠢᠶᠡᠨᠵᠢᠨ ᠾᠧᠪᠸᠢ᠂ ᠬᠦᠬᠡᠮᠦᠷᠢᠨ ᠤ ᠭᠤᠷᠪᠠᠯᠵᠢᠨ ᠬᠤᠶᠢᠭ ᠵᠡᠷᠭᠡ ᠭᠠᠵᠠᠷ ᠤᠷᠤᠨ ᠯᠤᠭ᠎ᠠ ᠶᠢᠨ ᠤᠨᠤᠴᠠᠳᠠᠢ | ᠬᠠᠮᠳᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ᠂ ᠪᠡᠯᠡ ᠮᠦᠩᠭᠦ᠂ ᠲᠦᠷᠦᠯ ᠵᠦᠢᠯ ᠤᠨ ᠰᠢᠯᠵᠢᠯᠳᠡ ᠶᠢ ᠢᠳᠡᠪᠬᠢᠳᠡᠢ ᠬᠦᠯᠢᠶᠡᠨ ᠠᠪᠴᠤ᠂ ᠨᠢᠬᠡ ᠪᠦᠯᠦᠭ | ︽ ᠦᠨ᠎ᠡ ᠴᠠᠨ᠎ᠠ ᠲᠠᠢ︾ ︽ᠨᠤᠭᠤᠭᠠᠨ ᠠᠭᠤᠯᠤᠭᠳᠠᠴᠠ ᠲᠠᠢ︾ ︽ᠰᠢᠨ᠎ᠡ ᠠᠭᠤᠯᠤᠭᠳᠠᠴᠠ ᠲᠠᠢ︾ ᠴᠢᠨᠠᠷ ᠰᠠᠶᠢᠳᠠᠢ ᠲᠦᠷᠦᠯ ᠵᠦᠢᠯ ᠢ ᠬᠦᠴᠦᠯᠡᠨ | ᠤᠷᠤᠭᠤᠯᠤᠨ ᠠᠪᠴᠢᠷᠠᠵᠤ᠂ ᠪᠦᠬᠢᠷᠳᠤᠯ ᠦᠬᠡᠢ ᠴᠢᠨᠠᠷ ᠰᠠᠶᠢᠳᠠᠢ ᠬᠦᠭᠵᠢᠯᠳᠡ ᠳᠤ ᠬᠦᠴᠦᠷᠬᠡᠭ ᠶᠡᠭᠡ ᠬᠦᠳᠡᠯᠬᠡᠬᠦ ᠬᠦᠴᠦᠨ ᠨᠠᠮᠠᠷᠢᠯᠠᠨ᠎ᠠ᠃ | ︵ᠳᠦᠷᠪᠡ︶ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠵᠢᠭᠤᠯᠴᠢᠯᠠᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠮᠣᠨᠠ ᠠᠭᠤᠯᠠ ᠶᠢᠨ ᠴᠡᠩᠭᠡᠯ ᠤᠨ ᠤᠷᠳᠤᠨ ᠤ ᠵᠢᠮᠢᠰ ᠤᠨ ᠬᠦᠷᠢᠶᠡᠯᠡᠩ ᠢ ᠢᠳᠡᠪᠬᠢᠳᠡᠢ | ᠪᠠᠶᠢᠭᠤᠯᠵᠤ᠂ ᠳ᠋ᠠ ᠵᠥᠩ ᠠᠭᠤᠷᠬᠠᠶ ᠶᠢᠨ ᠦᠢᠯᠡᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ 3A ᠲᠠᠰ ᠤᠨ ᠦᠵᠡᠮᠵᠢ ᠶᠢᠨ | ᠣᠷᠣᠨ ᠪᠤᠯᠭᠠᠨ ᠳᠡᠪᠰᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠦᠢᠯᠡᠳᠭᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠦᠵᠡᠮᠵᠢ ᠶᠢᠨ | ᠣᠷᠣᠨ ᠤ ᠭᠥᠯᠢᠶᠡᠨ ᠠᠪᠬᠤ ᠴᠢᠳᠠᠪᠤᠷᠢ ᠪᠠ ᠴᠢᠨᠠᠷ ᠳᠡᠰ ᠢ ᠳᠡᠭᠡᠭᠰᠢᠯᠡᠭᠦᠯᠦᠨ᠎ᠡ︔ ᠰᠠᠨ ᠬᠣ᠋ ᠨᠠᠭᠤᠷ ᠤᠨ ᠡᠷᠲᠡᠨ ᠤ ᠣᠯᠣᠮ᠂ ᠱᠦᠢ ᠲᠦᠩ ᠲᠤᠰᠬᠤᠨ ᠤ | ᠲᠣᠣᠷᠠᠢ ᠶᠢᠨ ᠣᠢ᠂ ᠰᠠᠭᠠᠳᠠᠭ ᠤᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠠᠷᠴᠠ ᠭᠠᠴᠠᠭ᠎ᠠ ᠵᠡᠷᠭᠡ ᠨᠢᠭᠡ ᠪᠦᠯᠦᠭ ᠬᠥᠳᠡᠭᠡ | ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠠᠮᠢ ᠠᠬᠤᠶ ᠶᠢᠨ ᠵᠢᠭᠤᠯᠴᠢᠯᠠᠯ᠂ | ᠡᠷᠡᠭᠦᠯᠵᠢᠯ ᠰᠤᠪᠢᠯᠠᠯᠲᠠ ᠰᠡᠯᠡᠭᠦᠴᠡᠯ᠂ ᠰᠣᠶᠣᠯ ᠤᠨ ᠪᠦᠲᠦᠭᠡᠯᠴᠢ ᠰᠡᠳᠬᠢᠮᠵᠢ᠂ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ ᠵᠡᠷᠭᠡ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠶ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ | ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠣᠮᠣ ᠠᠰᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠰᠦᠯᠵᠢᠶᠡᠨ ᠴᠤᠤᠳᠠᠨ ᠤ | ᠪᠣᠷᠣᠯᠠᠭᠤᠯᠬᠤ᠂ ᠲᠠᠷᠢᠶᠠᠨ ᠭᠠᠵᠠᠷ ᠲᠤ ᠰᠢᠭᠤᠳ ᠨᠡᠪᠲᠡᠷᠡᠭᠦᠯᠬᠦ᠂ ᠣᠬᠤᠷ ᠸᠢᠳᠢᠣ᠋ ᠪᠠᠷ ᠪᠣᠷᠣᠯᠠᠭᠤᠯᠬᠤ ᠵᠡᠷᠭᠡ ᠰᠢᠨ᠎ᠡ ᠬᠡᠯᠪᠡᠷᠢ ᠶᠢᠨ ᠡᠵᠡᠩᠨᠡᠨ ᠪᠣᠷᠣᠯᠠᠭᠤᠯᠬᠤ | ᠵᠠᠭᠪᠤᠷ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠴᠢᠨᠣ ᠠ ᠶᠢᠨ ᠬᠠᠷᠮᠠᠭ᠂ ᠬᠤᠨᠴᠢᠷ᠂ ᠬᠤᠯᠢᠮᠠᠭ ᠠᠮᠤ᠂ ᠬᠤᠨᠢᠨ ᠮᠢᠬ᠎ᠠ᠂ ᠰᠢᠭᠡᠲᠡᠢ ᠶᠢᠨ ᠬᠠᠰ ᠵᠡᠷᠭᠡ ᠴᠢᠨᠠᠷ | ᠰᠠᠶᠢᠲᠠᠶ ᠤᠨᠴᠠᠯᠢᠭᠳᠤ ᠦᠢᠯᠡᠳᠭᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠵᠦ᠂ ᠵᠢᠯ ᠤᠨ ᠳᠣᠲᠣᠷᠠᠬᠢ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ | ᠨᠣᠷᠮ᠎ᠠ ᠶᠢ 4.2 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠤᠷᠠᠳ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ᠂ ᠪᠠᠶᠠᠨᠨᠠᠭᠤᠷ ᠤᠨ | ᠲᠡᠭᠡᠭᠡᠪᠦᠷᠢ ᠶᠢᠨ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠪᠣᠯᠤᠨ ᠡᠯ᠎ᠡ ᠲᠦᠷᠭᠡᠨ ᠬᠦᠷᠭᠡᠬᠦ ᠪᠠᠷᠠᠭ᠎ᠠ ᠶᠢᠨ ᠬᠦᠢᠯᠭᠡᠭᠡᠨ ᠤ ᠠᠵᠤ ᠠᠬᠤᠶᠢᠯᠠᠯ ᠤᠨ ᠡᠵᠡᠩᠨᠡᠯᠲᠡ | ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠪᠠᠷᠠᠭ᠎ᠠ ᠶᠢᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠂ | ᠬᠥᠳᠡᠭᠡ ᠲᠣᠰᠬᠤᠨ ᠤ ᠲᠦᠷᠭᠡᠨ ᠬᠦᠷᠭᠡᠬᠦ ᠦᠢᠯᠡᠰ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠮᠡᠳᠡᠭᠡ ᠵᠠᠩᠭᠢ᠂ ᠬᠥᠮᠥᠷᠭᠡᠯᠡᠨ ᠬᠠᠳᠠᠭᠠᠯᠠᠬᠤ᠂ ᠲᠤᠬᠢᠷᠠᠭᠤᠯᠤᠨ | ᠬᠦᠷᠭᠡᠬᠦ᠂ ᠬᠤᠯᠪᠣᠭᠠᠯᠠᠨ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠲᠤᠭᠳᠠᠯᠴᠠᠭ᠎ᠠ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠮᠥᠩᠭᠦᠨ ᠬᠦᠢᠯᠭᠡᠭᠡᠨ ᠤ | ᠪᠠᠶᠢᠭᠤᠯᠤᠮᠵᠢ ᠶᠢᠨ ᠦᠢᠯᠡᠳᠭᠦᠨ ᠪᠠ ᠦᠢᠯᠡᠴᠢᠯᠡᠬᠡᠨ ᠤ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠦᠭᠵᠢᠯᠲᠡ ᠶᠢ ᠳᠡᠳᠭᠦᠨ᠎ᠡ᠃ | ︵ᠲᠠᠪᠤ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠪᠣᠳᠠᠲᠠᠶᠢᠵᠢᠭᠤᠯᠤᠨ ᠨᠠᠷᠢᠯᠢᠭᠵᠢᠭᠤᠯᠤᠨ᠎ᠠ᠃ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠳ᠋ᠦᠩ ᠹᠧᠩ ᠶᠡᠭᠡ ᠵᠡᠭᠡᠯᠢ ᠶᠢᠨ ᠵᠠᠮ ᠢ ᠰᠢᠨᠡᠳᠭᠡᠨ ᠦᠭᠡᠷᠡᠴᠢᠯᠡᠵᠦ᠂ ᠰᠤᠷᠭᠠᠨ ᠬᠥᠮᠦᠵᠢᠯ ᠤᠨ ᠵᠠᠮ᠂ ᠴᠠᠩ ᠱᠧᠩ | ᠵᠡᠭᠡᠯᠢ ᠵᠡᠷᠭᠡ 4 ᠵᠤᠷᠪᠤᠰ ︽ᠲᠠᠰᠣᠷᠬᠠᠢ ᠵᠠᠮ︾ ᠢ ᠤᠷᠲᠤᠳᠬᠠᠵᠤ᠂ ᠡᠮᠦᠨ᠎ᠡ ᠲᠣᠭᠤᠷᠢᠯ ᠵᠠᠮ᠂ ᠳ᠋ᠦᠩ ᠱᠧᠩ ᠶᠡᠭᠡ ᠵᠡᠭᠡᠯᠢ ᠶᠢᠨ ᠪᠠᠷᠠᠭᠤᠨᠰᠢ ᠤᠷᠲᠤᠳᠬᠠᠭᠰᠠᠨ | ᠬᠡᠰᠡᠭ᠂ ᠱᠠᠨ ᠽᠦᠢ ᠵᠠᠮ ᠤᠨ ᠡᠮᠦᠨᠡᠰᠢ ᠤᠷᠲᠤᠳᠬᠠᠭᠰᠠᠨ ᠬᠡᠰᠡᠭ ᠢ ᠲᠠᠲᠠᠪᠤᠷᠢᠯᠠᠨ ᠨᠤᠷᠠᠭᠠᠬᠤ ᠠᠵᠢᠯ ᠢ ᠡᠬᠢᠯᠡᠭᠦᠯᠵᠦ᠂ ᠬᠤᠲᠠ ᠶᠢᠨ ᠲᠣᠭᠤᠷᠢᠭ ᠤᠨ ᠵᠠᠮ | ᠨᠡᠪᠲᠡᠷᠡᠯᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠪᠣᠷᠣᠭᠠᠨ ᠤ ᠤᠰᠤ ᠪᠠ ᠪᠣᠬᠢᠷ ᠣᠰᠣ ᠶᠢ ᠰᠠᠯᠭᠠᠬᠤ ᠢᠨᠵᠧᠨᠧᠷᠢᠩ ᠢ 9.9 | ᠺᠢᠯᠣᠮᠧᠲᠷ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠤᠰᠤᠲᠤᠯ ᠤᠨ ᠳᠠᠯᠳᠠ ᠬᠡᠮ ᠢ ᠲᠦᠢᠯᠪᠤᠷᠢᠲᠠᠶ ᠠᠷᠢᠯᠭᠠᠨ᠎ᠠ︔ ᠢᠯᠴᠢ ᠬᠠᠩᠭᠠᠬᠤ᠂ ᠤᠰᠤ ᠬᠠᠩᠭᠠᠬᠤ | ᠬᠤᠭᠤᠯᠠᠶ ᠶᠢᠨ ᠲᠤᠤᠷ ᠢ 3.3 ᠺᠢᠯᠣᠮᠧᠲᠷ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ 8 ᠨᠡᠶᠢᠲᠡ ᠶᠢᠨ ︽ᠬᠠᠭᠤᠷᠠᠶ ᠵᠤᠷᠯᠤᠩ ᠢ ᠤᠰᠤ ᠪᠠᠷ | ᠴᠡᠪᠡᠷᠰᠢᠬᠦᠯᠬᠦ︾ ᠦᠬᠡᠷᠡᠴᠢᠯᠡᠯᠳᠡ ᠶᠢ ᠬᠡᠷᠡᠭᠵᠢᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 8 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠨᠡᠮᠡᠭᠳᠡᠭᠦᠯᠦᠨ᠎ᠡ᠃ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ᠂ ᠰᠢᠩ ᠱᠧᠩ ᠯᠢ ᠵᠢᠩ ᠤᠨ ᠪᠠᠷᠠᠭᠤᠨ ᠲᠠᠯ᠎ᠠ᠂ ᠰᠢᠨ | ᠱᠢ ᠵᠢᠢ ᠴᠡᠴᠡᠷᠯᠢᠭ ᠤᠨ ᠡᠷᠭᠢᠨ ᠲᠣᠭᠤᠷᠢᠨ᠂ ᠲᠢᠶᠠᠨ ᠢ ᠰᠢᠨ᠎ᠡ ᠲᠣᠰᠬᠤᠨ ᠤ ᠵᠡᠭᠦᠨ ᠲᠠᠯ᠎ᠠ ᠵᠡᠷᠭᠡ ᠢᠵᠢ ᠪᠦᠷᠢᠨ ᠪᠤᠰᠤ ᠣᠷᠣᠨ ᠰᠠᠭᠤᠴᠠ ᠶᠢ ᠰᠢᠨᠡᠳᠬᠡᠨ | ᠵᠠᠰᠠᠬᠤ ᠲᠥᠷᠥᠯ ᠵᠦᠢᠯ ᠢ 3 ᠭᠠᠵᠠᠷ 629 ᠡᠷᠦᠬᠡ ᠶᠢ ᠬᠡᠷᠡᠭᠵᠢᠭᠦᠯᠵᠦ᠂ ᠯᠢᠦᠢ ᠳ᠋ᠣᠤ ᠪᠠᠭ᠎ᠠ ᠲᠣᠭᠤᠷᠢᠭ᠂ ᠽᠦᠨ ᠷᠦᠩ ᠹᠦ᠋ ᠵᠡᠷᠭᠡ 12 ᠬᠠᠭᠤᠴᠢᠨ | ᠰᠠᠭᠤᠭᠠᠯᠢ ᠲᠤᠭᠤᠷᠢᠭ ᠤᠨ 11.6 ᠲᠦᠮᠡᠨ ᠲᠡᠭᠰᠢ ᠳᠥᠷᠪᠡᠯᠵᠢᠨ ᠮᠧᠲᠷ ᠢ ᠰᠢᠨᠡᠳᠬᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠬᠤᠶᠠᠳᠤᠭᠠᠷ ᠪᠠᠭ᠎ᠠ | ᠰᠣᠷᠭᠠᠭᠤᠯᠢ ᠶᠢᠨ ᠵᠡᠭᠦᠨ ᠲᠠᠯ᠎ᠠ᠂ ᠬᠠᠳᠤᠨ ᠭᠤᠤᠯ ᠵᠠᠮ ᠤᠨ ᠪᠠᠷᠠᠭᠤᠨ ᠳᠠᠬᠢ 2 ᠭᠠᠵᠠᠷ ᠤᠨ 7.4 ᠲᠦᠮᠡᠨ ᠲᠡᠭᠰᠢ ᠳᠥᠷᠪᠡᠯᠵᠢᠨ ᠮᠧᠲᠷ ᠤᠨ ᠪᠣᠷᠤ ᠭᠡᠷᠲᠤ | ᠣᠷᠤᠨ ᠢ ᠰᠢᠨᠡᠳᠬᠡᠨ ᠵᠠᠰᠠᠬᠤ ᠲᠥᠷᠥᠯ ᠵᠦᠢᠯ ᠢ ᠡᠬᠢᠯᠡᠭᠦᠯᠦᠨ᠎ᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠣᠯᠠᠨ ᠲᠦᠮᠡᠨ ᠢ ᠣᠯᠠᠨ ᠵᠢᠯ ᠲᠦᠪᠡᠭᠳᠡᠭᠦᠯᠵᠦ ᠪᠠᠶᠢᠭᠰᠠᠨ ᠤᠴᠢᠷ ᠶᠠᠪᠣᠳᠠᠯ᠂ ᠰᠡᠳᠬᠢᠯ ᠵᠣᠪᠠᠵᠤ | ᠪᠠᠶᠢᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠬᠤᠲᠠ ᠶᠢᠨ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢ ᠠᠬᠢᠭᠤᠯᠵᠤ᠂ | ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠲᠣᠭᠤᠷᠢᠭ ᠤᠨ ᠨᠡᠭᠦᠷᠡᠰᠦ ᠡᠵᠡᠩᠨᠡᠨ ᠪᠣᠷᠣᠯᠠᠭᠤᠯᠬᠤ ᠴᠡᠭ᠂ | ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠲᠥᠯᠥᠪᠵᠢᠭᠦᠯᠬᠦ ᠶᠢ ᠠᠬᠢᠭᠤᠯᠵᠤ᠂ ᠵᠠᠮ ᠡᠵᠡᠯᠡᠨ | ᠡᠵᠡᠩᠨᠡᠬᠦ᠂ ᠵᠠᠮ ᠳᠠᠭᠤ ᠳᠤᠷ᠎ᠠ ᠪᠠᠷ ᠲᠠᠯᠪᠢᠬᠤ ᠵᠡᠷᠭᠡ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠨ᠎ᠠ᠃ ᠨᠡᠶᠢᠲᠡ ᠶᠢᠨ ᠮᠠᠰᠢᠨ ᠲᠡᠷᠭᠡᠨ ᠤ ᠥᠨᠳᠥᠷ ᠪᠦᠲᠦᠮᠵᠢᠲᠡᠢ | ᠠᠵᠢᠯᠯᠠᠬᠤ ᠶᠢ ᠪᠠᠲᠤᠯᠠᠵᠤ᠂ ᠲᠦᠷᠢᠶᠡᠰᠦᠨ ᠮᠠᠰᠢᠨ ᠲᠡᠷᠭᠡ ᠶᠢᠨ ᠡᠵᠡᠩᠨᠡᠯᠲᠡ ᠶᠢ ᠵᠢᠷᠤᠮᠵᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ | ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃ ᠬᠤᠲᠠ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ | ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠴᠡᠪᠡᠷ ᠡᠨᠧᠷᠭᠢ ᠪᠠᠷ ᠬᠠᠳᠠᠭᠠᠨ ᠰᠡᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠪᠠ ᠯᠠᠭ | ᠰᠢᠪᠠᠷ ᠵᠡᠷᠭᠡ ᠬᠠᠲᠠᠭᠤ ᠬᠠᠶᠠᠭᠳᠠᠮᠠᠯ ᠪᠣᠳᠠᠰ ᠢ ᠰᠢᠩᠭᠡᠭᠡᠬᠦ ᠲᠠᠯᠠᠪᠠᠶ᠂ ᠠᠮᠢᠳᠤᠷᠠᠯ ᠤᠨ ᠬᠤᠭ ᠨᠣᠪᠰᠢ ᠶᠢ ᠨᠢᠭᠲᠠ ᠪᠢᠲᠡᠭᠦᠮᠵᠢᠯᠡᠵᠦ ᠠᠪᠴᠢᠭᠤᠯᠤᠨ ᠬᠤᠷᠢᠶᠠᠵᠤ | ᠲᠡᠭᠡᠭᠡᠪᠦᠷᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠬᠠᠶᠠᠭᠳᠠᠮᠠᠯ ᠪᠣᠳᠠᠰ ᠢ ᠬᠤᠤᠷ ᠦᠬᠡᠶᠢᠵᠢᠬᠦᠯᠦᠨ᠂ ᠡᠬᠢ ᠪᠠᠶᠠᠯᠢᠭᠵᠢᠭᠤᠯᠤᠨ ᠠᠰᠢᠭᠯᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠬᠡᠳᠦᠬᠡᠷ ᠲᠤᠮᠳᠠᠳᠤ ᠰᠤᠷᠭᠠᠭᠤᠯᠢ | ᠶᠢᠨ ᠪᠠᠶᠢᠷᠢ ᠶᠢᠨ ᠬᠡᠷ ᠵᠢᠴᠢ᠂ ᠲᠠᠮᠢᠷ ᠤᠨ ᠲᠠᠯᠠᠪᠠᠢ ᠶᠢ ᠦᠬᠡᠷᠡᠴᠢᠯᠡᠨ ᠲᠡᠭᠡᠭᠰᠢᠯᠡᠬᠦᠯᠬᠦ ᠵᠢᠴᠢ ᠦᠨᠳᠦᠰᠦᠲᠡᠨ ᠤ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ᠂ | ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠬᠤᠪᠢᠶᠡᠷᠢ ᠰᠣᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠤ ᠲᠥᠷᠥᠯ ᠵᠦᠢᠯ ᠢ ᠬᠡᠷᠡᠭᠵᠢᠭᠦᠯᠵᠦ᠂ ᠬᠦᠳᠡᠭᠡ | ᠲᠤᠰᠬᠤᠨ ᠤ 9 ᠬᠡᠦᠬᠡᠳ ᠤᠨ ᠴᠡᠴᠡᠷᠯᠢᠭ ᠤᠨ ︽ᠬᠠᠭᠤᠷᠠᠶ ᠵᠤᠷᠯᠤᠩ ᠢ ᠤᠰᠤ ᠪᠠᠷ ᠴᠡᠪᠡᠷᠰᠢᠬᠦᠯᠬᠦ︾ ᠢᠨᠵᠧᠨᠧᠷᠢᠩ ᠢ ᠪᠡᠶᠡᠯᠡᠭᠦᠯᠦᠨ᠎ᠡ᠃ ︽ᠬᠤᠶᠠᠷ ᠢ | ᠬᠦᠩᠭᠡᠷᠡᠭᠦᠯᠬᠦ︾ ᠠᠵᠢᠯ ᠢ ᠦᠷᠭᠦᠯᠵᠢᠯᠡᠨ ᠥᠷᠨᠢᠭᠦᠯᠵᠦ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠪᠢ ᠨᠡᠮᠡᠬᠦ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠠᠵᠢᠯᠴᠢᠨ ᠤ ᠶᠡᠷᠦᠩᠬᠡᠶ ᠲᠣᠭᠠᠨ ᠤ ᠬᠠᠮᠢᠶᠠᠷᠤᠯᠲᠠ ᠶᠢ | ᠬᠡᠷᠡᠭᠵᠢᠭᠦᠯᠵᠦ᠂ ᠪᠠᠭᠰᠢ ᠠᠵᠢᠯᠲᠠᠨ ᠤ ᠬᠠᠷᠢᠮᠠᠬᠠᠶ ᠴᠢᠨᠠᠷᠲᠠᠶ ᠠᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠭᠰᠢ ᠶᠢᠨ ᠴᠠᠯᠢᠩ ᠣᠯᠭᠤᠮᠵᠢ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠣᠶᠢᠷ᠎ᠠ ᠬᠠᠪᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ | ᠪᠠᠲᠤᠯᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ | ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃ ᠡᠬᠡ ᠨᠢᠯᠬᠠᠰ ᠤᠨ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠦᠢᠯᠡᠴᠢᠯᠡᠭᠡᠨ ᠤ ᠲᠥᠪ᠂ ᠬᠤᠰᠢᠭᠤ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠲᠡᠨ ᠢ ᠠᠪᠤᠷᠠᠨ ᠵᠠᠰᠠᠬᠤ ᠲᠥᠪ ᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠶᠡᠭᠡ ᠰᠢᠭᠡᠲᠡᠢ ᠪᠠᠯᠭᠠᠰᠤ᠂ ᠪᠠᠶᠠᠨᠬᠤᠸᠠ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠡᠮᠡᠴᠡᠨ ᠣᠯᠵᠤ ᠬᠡᠷᠡᠭᠵᠢᠬᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠨᠳᠤᠤ ᠭᠠᠵᠠᠷ ᠡᠮᠨᠡᠭᠦᠯᠬᠦ ᠳᠤ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠤᠨᠳᠤᠤ ᠭᠠᠵᠠᠷ | ᠡᠮᠨᠡᠭᠦᠯᠬᠦ ᠲᠣᠭᠲᠠᠭᠰᠠᠨ ᠴᠡᠭ ᠤᠨ ᠬᠡᠪᠴᠢᠶ᠎ᠡ ᠶᠢ ᠥᠷᠭᠡᠳᠬᠡᠨ᠂ ᠨᠥᠬᠦᠴᠡᠯ ᠲᠠᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢ ᠤᠨᠳᠤᠤ ᠭᠠᠵᠠᠷ ᠡᠮᠨᠡᠭᠦᠯᠬᠦ | ᠲᠠᠪᠴᠠᠩ ᠳᠤ ᠣᠷᠣᠭᠤᠯᠬᠤ ᠶᠢ ᠳᠡᠮᠵᠢᠨ᠎ᠡ᠃ ︽ᠭᠤᠷᠪᠠᠨ ᠬᠡᠦᠬᠡᠳ ᠠᠪᠬᠤ︾ ᠳᠦᠷᠦ ᠶᠢᠨ ᠪᠤᠳᠤᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ | ᠬᠡᠷᠡᠭᠵᠢᠭᠦᠯᠵᠦ᠂ ᠨᠢᠯᠬ᠎ᠠ ᠬᠡᠦᠬᠡᠳ ᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠢᠵᠢ ᠪᠦᠷᠢᠳᠦᠬᠦᠯᠤᠨ ᠲᠡᠭᠦᠯᠳᠡᠷᠵᠢᠭᠦᠯᠵᠦ᠂ ᠲᠦᠷᠦᠵᠦ ᠥᠰᠬᠡᠬᠦ ᠰᠤᠷᠭᠠᠨ | ᠬᠥᠮᠦᠵᠢᠯ ᠤᠨ ᠥᠪᠡᠷ ᠤᠨ ᠦᠷᠳᠡᠭ ᠢ ᠪᠠᠭᠤᠷᠠᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ | ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠨᠡᠶᠢᠬᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠠᠵᠢᠯ ᠮᠡᠷᠭᠡᠵᠢᠯ ᠤᠨ ᠡᠷᠡᠭᠦᠯ ᠢᠶᠠᠷ | ᠬᠥᠭᠵᠢᠬᠦ ᠶᠢ ᠳᠠᠮᠵᠢᠨ ᠵᠢᠷᠤᠮᠵᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠤ 1200 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ | ᠣᠷᠣᠨ ᠳᠤ 2.65 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠦᠭᠡᠢ ᠭᠡᠷ ᠪᠦᠯᠢ ᠶᠢ ᠬᠥᠳᠡᠯᠦᠩᠭᠦᠢ ᠪᠠᠷ ᠠᠷᠢᠯᠭᠠᠨ᠎ᠠ᠃ ᠬᠥᠳᠡᠯᠮᠦᠷᠢ ᠶᠢᠨ | ᠡᠷᠬᠡ ᠠᠰᠢᠭ ᠢ ᠬᠠᠮᠠᠭᠠᠯᠠᠬᠤ ᠪᠠᠲᠤᠯᠠᠭ᠎ᠠ ᠶᠢ ᠰᠠᠶᠢᠲᠤᠷ ᠬᠢᠵᠦ᠂ ︽ᠥᠷᠢᠲᠦᠯ ᠢ ᠵᠠᠰᠠᠵᠤ ᠵᠠᠷᠤᠯᠭ᠎ᠠ ᠶᠢ ᠪᠠᠲᠤᠯᠠᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯᠲᠡᠢ᠂ ᠥᠨᠥᠴᠢᠨ ᠬᠡᠦᠬᠡᠳ᠂ ᠵᠡᠮᠳᠡᠭᠴᠦᠳ ᠵᠡᠷᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠣᠶᠣᠯ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠤᠯᠠᠭᠠᠨᠮᠦ᠋ᠴᠢᠷ ᠤᠨ ᠠᠭᠤᠳᠠᠨ ᠲᠠᠯᠠᠪᠠᠢ ᠶᠢ ᠨᠡᠭᠡᠭᠡᠨ ᠬᠡᠷᠡᠭᠯᠡᠵᠦ᠂ ᠡᠤ ᠮᠤᠤ ᠵᠢᠶ ᠪᠡᠶ᠎ᠡ ᠶᠢᠨ ᠲᠠᠮᠢᠷ ︵ᠬᠥᠯ ᠪᠥᠮᠪᠦᠭᠡ︶ ᠤᠨ ᠴᠡᠴᠡᠷᠯᠢᠭ ᠪᠠ ᠬᠤᠪᠢᠰᠬᠠᠯᠲᠤ | ᠰᠣᠶᠣᠯ ᠤᠨ ᠲᠡᠦᠬᠡ ᠶᠢᠨ ᠳᠡᠯᠭᠡᠨ ᠦᠵᠡᠭᠦᠯᠦᠯᠭᠡ ᠶᠢᠨ ᠣᠷᠳᠣᠨ ᠢ ᠲᠥᠯᠥᠪᠵᠢᠭᠦᠯᠦᠨ ᠪᠠᠶᠢᠭᠤᠯᠤᠨ᠎ᠠ᠃ ︽ᠲᠠᠪᠤᠨ ᠨᠤᠳᠤᠭ︾ ᠢ ᠴᠣᠭᠴᠠᠯᠠᠨ ᠪᠠᠶᠢᠭᠤᠯᠬᠤ | ᠠᠵᠢᠯ ᠢ ᠦᠷᠭᠦᠯᠵᠢᠯᠡᠨ ᠠᠬᠢᠭᠤᠯᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠨᠤᠲᠤᠭ︾ ᠪᠠ ︽ᠳᠤᠮᠳᠠᠳᠤ ᠤᠯᠤᠰ ᠤᠨ ᠮᠢᠭᠮᠡᠨ ᠰᠢᠲᠠᠷ᠎ᠠ ᠶᠢᠨ | ᠨᠤᠲᠤᠭ︾ ᠢ ᠪᠦᠲᠦᠭᠡᠬᠦ ᠪᠠᠷ ᠴᠢᠷᠮᠠᠶᠢᠨ᠎ᠠ᠃ ᠪᠥᠬᠦ ᠤᠯᠤᠰ ᠤᠨ ᠡᠮᠡᠭᠲᠡᠶ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠪᠥᠬᠦ ᠣᠷᠣᠨ ᠤ ᠣᠲᠣ | ᠦᠶ᠎ᠡ ᠶᠢᠨ ᠲᠠᠪᠤᠨ ᠲᠥᠷᠥᠯ ᠤᠨ ᠤᠷᠤᠯᠳᠤᠭᠠᠨ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ ᠤᠯᠢᠶᠠᠰᠤ ᠨᠠᠭᠤᠷ ᠢ ᠲᠣᠭᠤᠷᠢᠭᠰᠠᠨ ᠳᠤᠭᠤᠶ | ᠲᠡᠷᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠴᠢᠬᠤᠯᠠ ᠶᠡᠭᠡ ᠤᠷᠤᠯᠳᠤᠭᠠᠨ ᠤ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ᠂ ᠮᠠᠨ ᠤ ᠬᠤᠰᠢᠭᠤᠨ ᠤ ᠭᠠᠳᠠᠨᠠᠬᠢ | ᠨᠡᠷ᠎ᠡ ᠠᠯᠳᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠠᠭ᠎ᠠ ᠰᠢᠭᠡᠲᠡᠢ ᠶᠢᠨ ᠴᠢᠨ ᠣᠯᠣᠰ ᠤᠨ ᠤᠷᠳᠤ ᠴᠠᠭᠠᠨ ᠬᠡᠷᠡᠮ᠂ ᠳᠠᠪᠰᠡᠭ ᠰᠦᠮ᠎ᠡ ᠵᠡᠷᠭᠡ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠰᠣᠶᠣᠯ ᠤᠨ ᠥᠪ ᠢ ᠦᠨᠡᠨ ᠬᠦ ᠰᠠᠶᠢᠲᠤᠷ | ᠬᠠᠮᠠᠭᠠᠯᠠᠵᠤ᠂ ᠰᠠᠶᠢᠲᠤᠷ ᠠᠰᠢᠭᠯᠠᠵᠤ᠂ ᠰᠠᠶᠢᠲᠤᠷ ᠤᠯᠠᠮᠵᠢᠯᠠᠨ᠎ᠠ᠃ | ︵ᠳᠣᠯᠤᠭ᠎ᠠ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠬᠡᠷᠡᠭᠴᠡᠭᠡ ᠪᠣᠯ | ᠳᠠᠷᠤᠶ ᠵᠠᠰᠠᠭ ᠤᠨ ᠣᠷᠳᠣᠨ ᠤ ᠲᠤᠯᠭᠠᠮ᠎ᠠ ᠱᠠᠭᠠᠷᠳᠠᠯᠭ᠎ᠠ ᠮᠥᠨ᠂ ᠠᠵᠤ ᠠᠬᠤᠶᠢᠯᠠᠯ ᠤᠨ ᠱᠠᠭᠠᠷᠳᠠᠯᠭ᠎ᠠ ᠪᠣᠯ ᠳᠠᠷᠤᠶ ᠵᠠᠰᠠᠭ ᠤᠨ ᠣᠷᠳᠣᠨ ᠤ ᠦᠢᠯᠡᠴᠢᠯᠡᠭᠡ ᠶᠢᠨ | ᠬᠠᠨᠳᠤᠯᠭ᠎ᠠ ᠮᠥᠨ᠂ ᠠᠵᠤ ᠠᠬᠤᠶᠢᠯᠠᠯ ᠤᠨ ᠡᠪᠡᠷᠰᠢᠶᠡᠯ᠂ ᠬᠦᠴᠢᠷᠳᠡᠯ ᠪᠣᠯ ᠳᠠᠷᠤᠶ ᠵᠠᠰᠠᠭ ᠤᠨ ᠣᠷᠳᠣᠨ ᠤ ᠠᠵᠢᠯ ᠤᠨ ᠬᠦᠴᠦᠯᠡᠬᠦ ᠴᠡᠭ ᠪᠠ ᠰᠢᠪᠲᠤᠯᠤᠯᠲᠠ ᠶᠢᠨ | ᠴᠡᠭ ᠮᠥᠨ᠃ ᠡᠷᠬᠡᠪᠰᠢ ᠪᠣᠭᠤᠮᠲᠠ ᠰᠢᠪᠲᠤᠯᠤᠨ ᠬᠠᠷᠰᠢ ᠰᠠᠭᠠᠳ ᠢ ᠢᠯᠠᠵᠤ᠂ ᠠᠰᠠᠭᠤᠳᠠᠯ ᠢ ᠠᠷᠢᠯᠭᠠᠨ ᠬᠦᠴᠢᠷᠳᠡᠯ ᠢ ᠰᠢᠢᠳᠪᠦᠷᠢᠯᠡᠵᠦ᠂ ᠥᠨᠳᠥᠷ ᠳᠠᠷᠤᠯᠲᠠᠲᠤ | ᠪᠠᠶᠢᠳᠠᠯ ᠪᠠ ᠬᠦᠴᠦᠲᠡᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ | ᠪᠠᠭᠠᠰᠬᠠᠬᠤ᠂ ᠵᠠᠷᠤᠳᠠᠯ ᠢ ᠪᠠᠭᠠᠰᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠪᠲᠤᠯᠤᠯᠲᠠ ᠲᠠᠢ ᠪᠣᠯᠭᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ | ᠲᠦᠷᠭᠡᠳᠬᠡᠨ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃ ︽ᠮᠥᠩᠬᠡ ᠰᠤᠪᠠᠭ︾ ︽ᠥᠪᠥᠷ | ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ APP ᠶᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠰᠢᠢᠳᠪᠦᠷᠢᠯᠡᠬᠦ︾ ᠶᠢ ᠯᠠᠪᠳᠠᠭᠤᠨ ᠪᠠᠲᠤᠲᠠᠶ ᠬᠡᠷᠡᠭᠵᠢᠭᠦᠯᠵᠦ᠂ ᠣᠯᠠᠨ ᠲᠦᠮᠡᠨ᠂ ᠠᠵᠤ ᠠᠬᠤᠶᠢᠯᠠᠯ ᠤᠨ ᠠᠵᠢᠯ ᠶᠠᠪᠤᠳᠠᠯ ᠬᠦᠢᠴᠡᠳᠭᠡᠭᠦ ᠳᠤ ᠦᠨᠡᠨᠬᠦ ᠲᠥᠬᠦᠮ | ᠦᠵᠡᠭᠦᠯᠦᠨ᠎ᠡ᠃12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠦᠷᠭᠦᠯᠵᠢᠯᠡᠨ ᠰᠠᠶᠢᠲᠤᠷ ᠠᠵᠢᠯᠯᠠᠭᠤᠯᠵᠤ᠂ ᠣᠯᠠᠨ ᠲᠦᠮᠡᠨ ᠤ ︽ | ᠪᠠᠴᠢᠮ ᠲᠣᠯᠭᠠᠮ᠎ᠠ᠂ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ︾ ᠤᠨ ᠠᠰᠠᠭᠤᠳᠠᠯ ᠢ ᠰᠡᠳᠬᠢᠯ ᠳᠡᠯᠪᠢᠨ ᠰᠢᠢᠳᠪᠦᠷᠢᠯᠡᠨ᠎ᠡ᠃ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠠᠵᠤ ᠠᠬᠤᠶᠢᠯᠠᠯ ᠳᠤ ᠬᠠᠷᠠᠭᠠᠯᠵᠠᠯ | ᠦᠵᠡᠭᠦᠯᠬᠦ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ | ᠠᠵᠤ ᠠᠬᠤᠶᠢᠯᠠᠯ ᠤᠨ ᠬᠥᠭᠵᠢᠨ ᠪᠤᠵᠠᠭᠠᠢᠷᠠᠬᠤ ᠳᠤ ᠬᠦᠴᠦᠨ ᠨᠡᠮᠡᠷᠢᠯᠡᠨ᠎ᠡ᠃ | ︵ ᠨᠠᠢᠮᠠ︶ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠴᠢᠷ ᠲᠦᠪᠡᠭᠲᠡᠶ ᠵᠠᠬᠢᠳᠠᠯ | ᠰᠣᠷᠪᠣᠯᠵᠢᠯᠠᠭ᠎ᠠ ᠶᠢᠨ ᠠᠰᠠᠭᠤᠳᠠᠯ ᠤᠨ ︽ᠰᠠᠭᠤᠷᠢ ᠶᠢ ᠢᠯᠭᠠᠷᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠤᠳᠠᠭᠠᠰᠢᠷᠠᠭᠤᠯᠤᠭᠠᠳ ᠰᠢᠢᠳᠪᠦᠷᠢ | ᠭᠠᠷᠭᠠᠭᠠᠳᠤᠶ᠂ ᠳᠠᠭᠤᠰᠤᠭᠠᠳᠤᠶ ᠬᠦᠴᠢᠷ ᠲᠦᠪᠡᠭᠲᠡᠶ ᠬᠡᠷᠡᠭ ᠢ ᠬᠦᠴᠦᠯᠡᠨ ᠰᠢᠢᠳᠪᠦᠷᠢᠯᠡᠵᠦ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠳᠠᠭᠤᠰᠬᠠᠭᠰᠠᠨ ᠨᠣᠷᠮ᠎ᠠ ᠪᠠ | ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ | ᠦᠨᠳᠦᠰᠦᠨ ᠱᠠᠲᠤᠨ ᠤ ︽ᠲᠤᠤᠷᠴᠢᠯᠠᠭᠰᠠᠨ︾ ᠬᠠᠮᠢᠶᠠᠷᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠰᠢᠨ᠎ᠡ ᠶᠢ ᠡᠭᠦᠳᠦᠨ ᠬᠥᠭᠵᠢᠭᠦᠯᠵᠦ᠂ ᠠᠷᠠᠳ ᠤᠨ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠵᠡᠷᠭᠡ ᠣᠯᠠᠨ ᠰᠠᠯᠠᠭ᠎ᠠ ᠮᠥᠴᠢᠷ ᠬᠤᠯᠪᠣᠭᠠᠯᠠᠭᠰᠠᠨ᠂ ᠬᠤᠲᠠ ᠬᠥᠳᠡᠭᠡ ᠶᠢ | ᠬᠠᠮᠤᠷᠤᠭᠰᠠᠨ ᠵᠥᠷᠢᠴᠡᠯ ᠵᠢᠭᠤᠷᠠᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ᠨᠠᠩ ᠥᠨᠳᠥᠷ ᠲᠦᠪᠰᠢᠨ ᠪᠥᠬᠦᠶ ᠠᠮᠤᠷ | ᠠᠮᠤᠭᠤᠯᠠᠩ ᠡᠮᠦᠨᠡᠲᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠵᠤ᠂ | ᠬᠤᠰᠢᠭᠤᠨ ᠤ ᠬᠡᠪᠴᠢᠶᠡᠨ ᠳᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠶᠠᠳᠠᠭᠤ ᠠᠴᠠ ᠠᠩᠭᠢᠵᠢᠷᠠᠭᠤᠯᠬᠤ ᠪᠠᠷ ᠴᠢᠷᠮᠠᠶᠢᠨ᠎ᠠ᠃ ᠠᠶᠤᠯ ᠥᠬᠡᠶ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ︽ᠰᠡᠭᠦᠯ ᠬᠤᠷᠢᠶᠠᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠬᠤᠲᠠ | ᠪᠠᠯᠭᠠᠰᠤᠨ ᠤ ᠰᠢᠲᠠᠮᠠᠬᠠᠶ ᠬᠡᠶ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠡᠮ | ᠰᠣᠭᠤᠭ ᠢ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠷᠠᠳ ᠣᠯᠠᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠪᠥᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠠᠬᠠᠮᠠᠳ ᠺᠠᠳ᠋ᠷ ᠤᠨ | ᠠᠵᠢᠯ ᠢ ᠴᠢᠬᠤᠯᠠᠴᠢᠯᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠴᠡᠷᠢᠭ ᠠᠴᠠ | ᠬᠠᠯᠠᠭᠳᠠᠭᠰᠠᠳ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ | ᠨᠡᠶᠢᠭᠡᠮ ᠲᠣᠭᠤᠷᠢᠭ ᠬᠢᠭᠡᠳ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ ᠨᠡᠶᠢᠭᠡᠮ ᠤᠨ | ᠨᠢᠭᠦᠯᠡᠰᠦᠩᠭᠦᠶ ᠶᠢᠨ ᠡᠬᠢ ᠪᠠᠶᠠᠯᠢᠭ ᠯᠤᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠂ ᠨᠡᠶᠢᠭᠡᠮ ᠤᠨ ᠵᠠᠰᠠᠯᠲᠠ ᠶᠢᠨ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠳᠥᠷᠪᠡ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ | ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠠᠴᠠ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠪᠢᠳᠠ ︽ᠬᠤᠶᠠᠷ ᠢ | ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠲᠦᠷᠪᠡᠨ ᠤᠬᠠᠮᠰᠠᠷ︾ ᠢᠶᠠᠨ | ᠦᠷᠭᠦᠯᠵᠢᠯᠡᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠢᠮᠠᠭᠲᠠ ᠪᠠᠲᠤᠳᠬᠠᠵᠤ᠂ ᠬᠥᠭᠵᠢᠯᠲᠡ ᠶᠢᠨ ᠰᠢᠨ᠎ᠡ ᠪᠠᠶᠢᠳᠠᠯ ᠪᠣᠯᠤᠨ ᠠᠷᠠᠳ ᠲᠦᠮᠡᠨ ᠤ ᠰᠢᠨ᠎ᠡ | ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ | ᠪᠥᠬᠦ ᠲᠠᠯ᠎ᠠ ᠪᠠᠷ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠰᠢᠢᠳᠪᠦᠷᠢᠲᠣ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ | ᠨᠠᠶᠢᠳᠠᠪᠤᠷᠢᠵᠢᠭᠤᠯᠬᠤ ᠪᠥᠬᠦ ᠶᠠᠪᠤᠴᠠ ᠳᠤ ᠲᠣᠭᠤᠰᠢᠯᠠᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠴᠢᠩᠳᠠᠯᠠᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ᠂ | ᠠᠷᠠᠳᠴᠢᠯᠠᠭᠰᠠᠨ᠂ ᠬᠠᠤᠯᠢ ᠪᠠᠷ ᠵᠠᠰᠠᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ | ᠥᠷᠭᠡᠨ ᠢᠶᠠᠷ ᠰᠣᠨᠣᠰᠴᠤ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠠᠷᠠᠳ ᠤᠨ ᠲᠥᠯᠥᠭᠡ ᠪᠠᠶᠢᠬᠤ ᠵᠣᠷᠢᠯᠲᠠ ᠶᠢ ᠪᠠᠷᠢᠮᠲᠠᠯᠠᠵᠤ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠤᠨ᠎ᠠ᠃ ᠢᠮᠠᠭᠲᠠ ᠠᠷᠠᠳ ᠲᠦᠮᠡᠨ ᠤ | ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠤᠯᠠᠨ ᠲᠦᠮᠡᠨ ᠪᠠ ᠠᠵᠤ ᠠᠬᠤᠶᠢᠯᠠᠯ ᠤᠨ | ᠬᠠᠷᠠᠭᠠᠰᠤ ᠠᠴᠠ ᠠᠰᠠᠭᠤᠳᠠᠯ ᠢ ᠪᠣᠳᠤᠯᠬᠢᠯᠠᠵᠤ᠂ ᠤᠴᠢᠷ ᠶᠠᠪᠤᠳᠠᠯ ᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠤᠯᠠᠨ ᠲᠦᠮᠡᠨ ᠤ | ᠲᠤᠰᠬᠠᠯ ᠢᠶᠠᠷ ᠬᠠᠮᠤᠭ ᠤᠨ ᠴᠢᠩᠭ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠡᠮ ᠡᠮᠨᠡᠯᠭᠡ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠠᠴᠠ ᠡᠬᠢᠯᠡᠨ | ᠥᠭᠡᠷᠡᠴᠢᠯᠡᠵᠦ᠂ ᠤᠯᠠᠨ ᠲᠦᠮᠡᠨ ᠤ ᠬᠠᠮᠤᠭ ᠠᠴᠠ ᠬᠦᠰᠡᠵᠦ ᠪᠠᠶᠢᠭ᠎ᠠ ᠰᠠᠭᠤᠷᠢ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ | ᠶᠠᠪᠤᠳᠠᠯ ᠠᠴᠠ ᠡᠬᠢᠯᠡᠨ ᠬᠢᠵᠦ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠪᠦᠲᠦᠮᠵᠢᠲᠡᠢ ᠪᠠᠶᠢᠯᠭᠠᠵᠤ᠂ ᠶᠡᠭᠡ ᠶᠠᠪᠤᠳᠠᠯ ᠢ ᠰᠠᠶᠢᠲᠤᠷ ᠬᠢᠵᠦ᠂ ᠪᠠᠴᠢᠮ ᠶᠠᠪᠤᠳᠠᠯ ᠢ | ᠯᠠᠪᠳᠠᠭᠤᠨ ᠬᠢᠵᠦ᠂ ᠬᠦᠴᠢᠷ ᠶᠠᠪᠤᠳᠠᠯ ᠢ ᠪᠡᠶᠡᠯᠡᠭᠦᠯᠦᠨ ᠬᠢᠵᠦ᠂ ᠮᠠᠨ ᠤ ᠬᠥᠭᠵᠢᠯᠲᠡ ᠶᠢᠨ ᠭᠦᠢᠴᠡᠳᠬᠡᠯ ᠲᠤᠭ᠎ᠠ ᠪᠠᠨ ᠨᠡᠩ ᠤᠯᠠᠨ ︽ᠵᠣᠯ ᠵᠢᠷᠭᠠᠯ ᠤᠨ ᠵᠢᠭᠠᠯᠲᠠ | ᠲᠤᠭ᠎ᠠ︾ ᠲᠠᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ︽ᠠᠷᠠᠳ ᠤᠨ ᠠᠮᠢᠳᠤᠷᠠᠯ ᠤᠨ ᠠᠭᠤᠯᠤᠭᠳᠠᠴᠠ︾ ᠲᠠᠢ ᠪᠣᠯᠭᠠᠨ᠎ᠠ᠃ | ᠡᠭᠦᠷᠭᠡ ᠲᠤᠰᠢᠶᠠᠯ ᠢᠶᠠᠨ ᠴᠢᠷᠮᠠᠶᠢᠨ ᠭᠦᠢᠴᠡᠳᠬᠡᠬᠦ ᠶᠢ ᠪᠠᠷᠢᠮᠲᠠᠯᠠᠵᠤ᠂ ᠬᠦᠴᠦᠨ ᠴᠢᠳᠠᠪᠤᠷᠢ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ︽ᠪᠠᠭ᠎ᠠ ᠪᠠᠶᠠᠨ | ᠪᠣᠯ ᠠᠮᠤᠷ ᠲᠦᠪᠰᠢᠨ︾ ᠭᠡᠬᠦ ᠰᠡᠳᠬᠢᠯ ᠬᠠᠩᠬᠤ ᠪᠤᠳᠤᠯ᠂ ︽ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ︾ ᠢᠨᠧᠷᠼᠢ ᠶᠢᠨ ᠰᠡᠳᠬᠢᠬᠦᠶ᠂ ︽ᠠᠯᠵᠠᠭᠤ | ᠵᠠᠯᠬᠠᠭᠤ ᠰᠤᠯᠠ ᠵᠠᠳᠠᠭᠠᠶ︾ ᠨᠣᠶᠠᠨᠴᠢ ᠰᠤᠷᠲᠠᠯᠲᠠᠨ᠂ ︽ᠰᠠᠭᠤᠵᠤ ᠪᠠᠶᠢᠭᠠᠳ ᠬᠦᠯᠢᠶᠡᠵᠦ ᠠᠪᠬᠤ︾ ᠨᠠᠵᠠᠭᠠᠶ ᠰᠡᠳᠬᠢᠯᠭᠡ ᠶᠢ ᠡᠷᠡᠰ ᠠᠷᠢᠯᠭᠠᠵᠤ᠂ ︽ᠥᠨᠳᠥᠷ | ᠦᠷ᠎ᠡ ᠪᠦᠲᠦᠮᠵᠢ ᠲᠠᠢ᠂ ᠲᠦᠷᠭᠡᠨ ᠠᠶᠢᠵᠠᠮ ᠴᠣᠬᠢᠯᠭ᠎ᠠ ᠲᠠᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠠᠷᠯᠢᠭ | ᠴᠠᠭᠠᠵᠠ ᠶᠢ ᠳᠠᠭᠠᠬᠤ︾ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠪᠠᠷᠢᠮᠵᠢᠶ᠎ᠠ ᠳᠤ ᠬᠠᠷᠭᠤᠭᠤᠯᠤᠨ ᠳᠡᠭᠡᠭᠰᠢ ᠪᠠᠨ ᠬᠠᠷᠠᠨ᠂ ᠬᠠᠷᠢᠴᠠᠭᠤᠯᠤᠨ ᠲᠣᠯᠢᠯᠠᠵᠤ ᠭᠠᠳᠠᠭᠰᠢ | ᠬᠠᠷᠠᠨ᠂ ᠰᠡᠳᠬᠢᠭᠦᠢ ᠪᠠᠨ ᠰᠣᠯᠢᠵᠤ᠂ ᠵᠥᠷᠢᠶ᠎ᠡ ᠪᠠᠨ ᠡᠷᠢᠵᠦ᠂ ᠬᠡᠪ ᠳᠠᠭᠤᠷᠢᠶᠠᠯ ᠡᠷᠢᠵᠦ᠂ ᠬᠡᠪᠰᠢᠮᠡᠯ ᠦᠵᠡᠯᠳᠡ ᠠᠴᠠ ᠵᠠᠶᠢᠯᠠᠨ᠂ ᠬᠠᠷᠢᠭᠤᠴᠠᠯᠭ᠎ᠠ ᠪᠠᠨ ᠮᠡᠳᠡᠵᠦ᠂ | ᠬᠠᠷᠢᠭᠤᠴᠠᠯᠭ᠎ᠠ ᠪᠠᠨ ᠡᠭᠦᠷᠬᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠲᠤᠱᠠᠳᠠᠢ ᠶᠠᠪᠤᠭᠳᠠᠭᠤᠯᠵᠤ᠂ ᠡᠴᠦᠰ ᠳ᠋ᠦᠨᠢ ᠲᠤᠯᠳᠠᠯ᠎ᠠ ᠠᠳᠬᠤᠵᠤ᠂ ᠵᠠᠰᠠᠭ ᠤᠨ | ᠣᠷᠳᠣᠨ ᠤ ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠰᠠᠬᠢᠯᠭ᠎ᠠ ᠪᠠᠲᠤ ᠪᠠ ᠶᠣᠰᠣ ᠳᠦᠷᠢᠮ ᠢ | ᠢᠮᠠᠭᠲᠠ ᠲᠡᠷᠢᠭᠦᠨ ᠳᠤ ᠲᠠᠯᠪᠢᠵᠤ᠂ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠤᠨ | ᠠᠮᠢᠳᠤᠷᠠᠯ ᠤᠨ ᠪᠡᠯᠡ ᠮᠥᠩᠭᠦ᠂ ᠢᠨᠵᠧᠨᠧᠷᠢᠩ ᠤᠨ ᠳᠠᠭᠠᠭᠠᠴᠢᠯᠠᠯᠲᠠ ᠶᠢ ᠵᠠᠷᠯᠠᠬᠤ ᠪᠠ ᠳᠠᠭᠠᠭᠠᠴᠢᠯᠠᠯᠲᠠ ᠶᠢ ᠬᠦᠯᠢᠶᠡᠬᠦ ᠵᠡᠷᠭᠡ ᠲᠠᠯ᠎ᠠ ᠪᠠᠷ ᠬᠢ ᠬᠢᠨᠠᠨ | ᠪᠣᠳᠣᠯᠲᠠ ᠶᠢᠨ ᠬᠢᠨᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤ ᠶᠣᠰᠣ ᠳᠦᠷᠢᠮ ᠠᠴᠠ ᠵᠥᠷᠢᠴᠡᠬᠦ ᠦᠭᠡᠢ ᠪᠠᠶᠢᠬᠤ᠂ ᠡᠷᠬᠡ ᠪᠠᠨ | ᠬᠡᠷᠡᠭᠯᠡᠬᠦ ᠳᠤ ᠳᠤᠷ᠎ᠠ ᠵᠣᠷᠢᠭ ᠢᠶᠠᠷ ᠢᠶᠠᠨ ᠬᠡᠷᠡᠭᠯᠡᠬᠦ ᠦᠭᠡᠢ ᠪᠠᠶᠢᠬᠤ᠂ ᠪᠡᠶ᠎ᠡ ᠪᠠᠨ ᠴᠢᠩᠭ᠎ᠠ ᠱᠠᠭᠠᠷᠳᠠᠬᠤ ᠳᠤ ᠭᠤᠶᠠᠴᠢ ᠦᠭᠡᠢ ᠪᠠᠶᠢᠬᠤ ᠶᠢ ᠪᠡᠶᠡᠯᠡᠬᠦᠯᠦᠨ᠎ᠡ᠃ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ | ᠭᠠᠮᠨᠠᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ | ᠂ ᠠᠷᠢᠭᠤᠨ ᠴᠢᠬᠡᠴᠢ ᠪᠣᠳᠠᠲᠠᠢ ᠶᠢ ᠡᠷᠬᠢᠮᠯᠡᠭᠰᠡᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ︕ ᠤᠷᠤᠭᠰᠢᠯᠠᠯᠳᠠ ᠶᠢᠨ ᠢᠷᠡᠭᠡᠳᠤᠢ ᠭᠡᠭᠡᠨ ᠰᠠᠷᠠᠭᠤᠯ᠂ ᠲᠡᠮᠡᠴᠡᠯ ᠤᠨ ᠵᠠᠮ ᠪᠡᠷᠬᠡ ᠪᠠᠷᠲᠠᠭ᠎ᠠ ᠲᠠᠢ ᠃ ᠪᠢᠳᠠ ᠰᠢᠨ᠎ᠡ | ᠡᠬᠢᠯᠡᠯᠲᠡ ᠶᠢᠨ ᠱᠤᠭᠤᠮ ᠳᠡᠭᠡᠷ᠎ᠡ ᠠᠴᠠ ᠡᠮᠦᠨᠡᠲᠦ ᠬᠤᠰᠢᠭᠤᠨ ᠤ ᠪᠠᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠰᠠᠶᠢᠨ ᠰᠠᠶᠢᠬᠠᠨ ᠢ ᠪᠠᠷᠠᠯᠠᠬᠤᠶ᠎ᠠ᠂ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠬᠦᠨᠳᠦ ᠮᠦᠷᠳᠡᠭᠡᠨ ᠦᠩᠭᠡ ᠭᠡᠷᠡᠯᠲᠡᠢ ᠪᠠᠶᠢᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠡᠯ᠎ᠡ ᠦᠨᠳᠤᠰᠤᠲᠡᠨ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠤᠤᠷ᠎ᠠ᠂ ᠡᠷᠡᠰ ᠪᠠᠲᠤ ᠵᠣᠷᠢᠭ ᠰᠠᠨᠠᠭ᠎ᠠ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠨᠡᠨ ᠪᠣᠳᠠᠲᠠᠶ ᠢ ᠡᠷᠬᠢᠮᠯᠡᠨ᠂ ᠣᠭ ᠰᠠᠨᠠᠭ᠎ᠠ ᠪᠠᠨ ᠥᠯᠥ ᠮᠠᠷᠲᠠᠨ ᠰᠢᠨ᠎ᠠ | ᠠᠶᠠᠨ ᠳᠤ ᠰᠠᠶᠢᠨ ᠰᠠᠶᠢᠬᠠᠨ ᠢ ᠬᠦᠰᠡᠨ ᠡᠷᠡᠮᠡᠯᠵᠢᠯᠡᠵᠤ ᠡᠷᠡᠮᠡᠬᠡᠶᠢᠯᠡᠨ ᠤᠷᠤᠭᠰᠢᠯᠠᠵᠤ᠂ ᠵᠣᠯ ᠵᠢᠷᠭᠠᠯ ᠲᠠᠢ ᠦᠪᠡᠷᠮᠢᠴᠡ ᠤᠨᠴᠠᠯᠢᠭ ᠲᠠᠢ ᠠᠮᠢᠵᠢᠷᠠᠯ ᠤᠨ | ᠬᠦᠴᠦᠨ ᠲᠠᠢ ᠤᠠᠷᠠᠳ ᠤᠨ ᠡᠮᠦᠨᠡᠳᠦ ᠬᠤᠰᠢᠭᠤ ᠂ ᠲᠠᠶᠢᠪᠤᠩ ᠠᠮᠤᠭᠤᠯᠠᠩ ᠤᠷᠠᠳ ᠤᠨ ᠡᠮᠦᠨᠡᠲᠦ ᠬᠤᠰᠢᠭᠤ ᠪᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ | ᠲᠡᠮᠡᠴᠡᠶ᠎ᠡ︕ | | | ᠳᠠᠭᠠᠯᠳᠤᠭᠤᠯᠤᠯ᠄ | ᠨᠡᠷ᠎ᠡ ᠦᠭᠡ ᠶᠢᠨ ᠲᠠᠶᠢᠯᠪᠤᠷᠢ | ︽ᠭᠤᠷᠪᠠᠨ ᠠᠭᠤᠯᠠ ᠨᠢᠭᠡ ᠨᠠᠭᠤᠷ︾᠄ ᠮᠤᠨᠠ ᠠᠭᠤᠯᠠ᠂ ᠴᠠᠰᠤᠲᠠᠢ ᠠᠭᠤᠯᠠ᠂ ᠪᠠᠶᠠᠨᠴᠠᠭᠠᠨ ᠠᠭᠤᠯᠠ᠂ ᠣᠯᠢᠶᠠᠰᠣ ᠨᠠᠭᠤᠷ ᠢ ᠵᠢᠭᠠᠵᠤ ᠪᠤᠢ᠃ | ︽ᠨᠢᠭᠡ ᠲᠣᠭᠤᠷᠢᠭ ᠭᠤᠷᠪᠠᠨ ᠬᠦᠷᠢᠶᠡᠯᠡᠩ︾᠄ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠴᠤᠬᠤᠯᠠᠪᠤᠷᠢᠯᠠᠨ ᠬᠠᠷᠢᠭᠤᠯᠬᠤ ᠪᠠᠷ ᠳᠡᠮᠵᠢᠨ᠂ ᠮᠤᠨᠠ ᠠᠭᠤᠯᠠ ᠶᠢᠨ ᠠᠵᠤ ᠦᠢᠯᠡᠳᠪᠦᠷᠢ ᠶᠢᠨ ᠪᠥᠭᠡᠮᠨᠡᠷᠡᠯ ᠤᠨ ᠲᠣᠭᠤᠷᠢᠭ ᠪᠠ ᠰᠠᠭᠠᠳᠠᠭ ᠤᠨ ᠠᠵᠤ | ᠦᠢᠯᠡᠳᠪᠦᠷᠢ ᠶᠢᠨ ᠪᠥᠭᠡᠮᠨᠡᠷᠡᠯ ᠤᠨ ᠲᠣᠭᠤᠷᠢᠭ ᠢ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠳᠤ ᠣᠷᠣᠭᠤᠯᠤᠨ ᠬᠠᠮᠢᠶᠠᠷᠴᠤ᠂ ︽ | ᠨᠢᠭᠡ ᠲᠣᠭᠤᠷᠢᠭ︾ ︵ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ︶ ︽ᠭᠤᠷᠪᠠᠨ ᠬᠦᠷᠢᠶᠡᠯᠡᠩ︾ ︵ᠪᠤᠭᠤᠲᠤ ᠶᠢᠨ ᠪᠠᠷᠠᠭᠤᠨ | ᠬᠡᠰᠡᠭ ᠤᠨ ᠠᠵᠤ ᠦᠢᠯᠡᠳᠪᠦᠷᠢ ᠶᠢᠨ ᠬᠦᠷᠢᠶᠡᠯᠡᠩ᠂ ᠮᠤᠨᠠ ᠠᠭᠤᠯᠠ ᠶᠢᠨ ᠠᠵᠤ ᠦᠢᠯᠡᠳᠪᠦᠷᠢ ᠶᠢᠨ ᠪᠥᠭᠡᠮᠨᠡᠷᠡᠯ ᠤᠨ ᠲᠣᠭᠤᠷᠢᠭ᠂ ᠰᠠᠭᠠᠳᠠᠭ ᠤᠨ ᠠᠵᠤ | ᠦᠢᠯᠡᠳᠪᠦᠷᠢ ᠶᠢᠨ ᠪᠥᠭᠡᠮᠨᠡᠷᠡᠯ ᠤᠨ ᠲᠣᠭᠤᠷᠢᠭ︶ ᠤᠨ ᠪᠠᠶᠢᠷᠢᠰᠢᠭᠤᠯᠤᠯᠲᠠ ᠶᠢ ᠪᠣᠶ ᠪᠣᠯᠭᠠᠬᠤ ᠶᠢ ᠵᠢᠭᠠᠵᠤ ᠪᠤᠢ᠃ | ︽ᠳᠥᠷᠪᠡ ᠶᠢ ᠡᠷᠭᠢᠯᠡᠬᠦ︾ ᠦᠢᠯᠡᠴᠢᠯᠡᠭᠡ᠄ ︽ᠨᠢᠭᠡ ᠰᠦᠯᠵᠢᠶ᠎ᠡ ᠪᠠᠷ ᠭᠦᠢᠴᠡᠳᠭᠡᠬᠦ︾᠂ ︽ ᠭᠠᠷ ᠤᠲᠠᠰᠤᠨ ᠳᠡᠭᠡᠷ᠎ᠡ ᠭᠦᠢᠴᠡᠳᠭᠡᠬᠦ︾᠂ ︽ᠨᠢᠭᠡ ᠯᠡ | ᠤᠳᠠᠭ᠎ᠠ ᠳᠤ ᠭᠦᠢᠴᠡᠳᠭᠡᠬᠦ︾᠂ ︽ᠲᠠᠨ ᠢ ᠬᠠᠪᠰᠤᠷᠤᠨ ᠭᠦᠢᠴᠡᠳᠭᠡᠬᠦ︾ ᠦᠢᠯᠡᠴᠢᠯᠡᠭᠡ ᠶᠢ ᠵᠢᠭᠠᠵᠤ ᠪᠤᠢ᠃ | ︽ᠲᠠᠪᠤᠨ ᠨᠣᠲᠤᠭ︾᠄ ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ᠂ ᠳᠤᠮᠳᠠᠳᠤ ᠤᠯᠤᠰ ᠤᠨ ᠮᠢᠭᠮᠠᠨ ᠤ ᠨᠤᠲᠤᠭ᠂ ᠳᠤᠮᠳᠠᠳᠤ ᠤᠯᠤᠰ ᠤᠨ | ᠵᠡᠪᠰᠡᠭ ᠤᠨ ᠡᠷᠳᠡᠮ ᠤᠨ ᠨᠤᠲᠤᠭ᠂ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠨᠤᠲᠤᠭ ᠢ ᠵᠢᠭᠠᠨ᠎ᠠ᠃ | ︽ᠬᠤᠶᠠᠷ ᠱᠤᠭᠤᠮ ᠭᠤᠷᠪᠠᠨ ᠣᠷᠣᠨ ︾᠄ ︽ᠭᠤᠷᠪᠠᠨ ᠣᠷᠣᠨ︾ ᠪᠣᠯ ᠭᠤᠤᠯ ᠤᠨ ᠭᠤᠯᠳᠤᠷᠢᠯ ᠤᠨ ᠣᠷᠣᠨ᠂ ᠰᠠᠶᠢᠷᠭᠠᠯ ᠤᠨ ᠣᠶᠢᠷ᠎ᠠ ᠣᠷᠣᠨ᠂ | ᠰᠠᠶᠢᠷᠭᠠᠯ ᠤᠨ ᠬᠤᠯᠠ ᠣᠷᠣᠨ ᠪᠣᠯᠤᠨ᠎ᠠ᠂ ︽ᠬᠤᠶᠠᠷ ᠱᠤᠭᠤᠮ︾ ᠪᠣᠯ ᠲᠠᠷᠢᠶᠠᠨ ᠭᠠᠵᠠᠷ ᠤᠨ ᠭᠠᠳᠠᠭᠰᠢ ᠳᠠᠭᠠᠭᠠᠴᠢᠯᠠᠭᠤᠯᠬᠤ ᠱᠤᠭᠤᠮ ᠪᠠ ᠤᠰᠤᠨ ᠬᠠᠪᠢ ᠶᠢᠨ | ᠱᠤᠭᠤᠮ ᠢ ᠵᠢᠭᠠᠵᠤ ᠪᠤᠢ᠃ | ︽ᠳᠥᠷᠪᠡ ᠶᠢ ᠬᠢᠵᠠᠭᠠᠷᠯᠠᠵᠤ ᠬᠤᠶᠠᠷ ᠢ ᠡᠬᠢ ᠪᠠᠶᠠᠯᠢᠭᠵᠢᠭᠤᠯᠬᠤ︾᠄ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ | ᠬᠥᠨᠥᠭᠡᠯ ᠢ ᠪᠠᠭᠠᠰᠬᠠᠬᠤ᠂ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠮᠠᠯ | ᠵᠢᠭᠦᠷᠲᠡᠨ ᠤ ᠢᠯᠭᠠᠳᠠᠰᠣ ᠶᠢ ᠡᠬᠢ ᠪᠠᠶᠠᠯᠢᠭᠵᠢᠭᠤᠯᠬᠤ᠂ ᠡᠰᠢ ᠰᠦᠷᠡᠯ ᠢ ᠡᠬᠢ ᠪᠠᠶᠠᠯᠢᠭᠵᠢᠭᠤᠯᠬᠤ ᠶᠢ ᠵᠢᠭᠠᠵᠤ ᠪᠤᠢ᠃ | ︽ᠬᠤᠶᠠᠷ ᠢ ᠬᠦᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢ ᠵᠢᠭᠠᠵᠤ ᠪᠣᠶ᠃ | ︽ᠬᠤᠶᠠᠷ ᠬᠠᠯᠬᠠᠪᠴᠢ᠂ ᠬᠤᠶᠠᠷ ᠰᠠᠭᠤᠷᠢᠨ᠂ ᠨᠢᠭᠡ ᠪᠠᠬᠢᠯᠡᠯᠲᠡ︾᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠤᠨ᠎ᠠ︔ | ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ︔ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠲᠡ ᠪᠣᠯᠭᠠᠨ | ᠪᠦᠳᠦᠭᠡᠨ ᠪᠠᠶᠢᠭᠤᠯᠬᠤ ᠶᠢ ᠵᠢᠭᠠᠵᠤ ᠪᠤᠢ᠃ | ︽ᠲᠠᠪᠤᠨ ᠥᠨᠳᠥᠷ ᠲᠠᠪᠤᠨ ᠰᠢᠨ᠎ᠡ︾᠄ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠦᠷ᠎ᠡ ᠪᠦᠲᠦᠮᠵᠢ ᠶᠢ ᠣᠯᠵᠤ᠂ ᠴᠢᠨᠠᠷ | ᠰᠠᠶᠢᠲᠠᠢ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠴᠦ᠂ ᠴᠢᠨᠠᠷ ᠰᠠᠶᠢᠲᠠᠢ ᠠᠷᠠᠳ ᠤᠨ ᠠᠮᠢᠳᠤᠷᠠᠯ ᠤᠨ ᠰᠢᠨ᠎ᠡ ᠲᠦᠪᠰᠢᠨ ᠳᠤ ᠬᠦᠷᠴᠦ᠂ | ᠥᠨᠳᠥᠷ ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠡᠭᠦᠳᠬᠦ ᠶᠢ ᠵᠢᠭᠠᠵᠤ ᠪᠤᠢ᠃ | ᠣᠯᠢᠶᠠᠰᠣ ᠨᠠᠭᠤᠷ ᠢ ᠲᠣᠭᠤᠷᠢᠭᠰᠠᠨ ︽ᠨᠢᠭᠡ ᠲᠣᠭᠤᠷᠢᠭ︾ ᠪᠠ 110 ᠤᠯᠤᠰ ᠤᠨ ᠵᠠᠮ ᠳᠠᠭᠠᠤ᠂ 311 ᠮᠤᠵᠢ ᠶᠢᠨ ᠵᠠᠮ ᠳᠠᠭᠠᠤ ︽ᠬᠤᠶᠠᠷ ᠱᠤᠭᠤᠮ︾ | 8 ᠠᠵᠤ ᠦᠢᠯᠡᠰ ᠤᠨ ᠲᠥᠪᠯᠡᠷᠡᠭᠰᠡᠨ ᠣᠷᠣᠨ ᠢ ᠭᠤᠤᠯᠳᠠᠯᠭ᠎ᠠ ᠲᠠᠢ ᠪᠣᠶ ᠪᠣᠯᠭᠠᠨ᠎ᠠ᠄ 110 ᠤᠯᠤᠰ ᠤᠨ ᠵᠠᠮ ᠳᠠᠭᠠᠤ ᠭᠠᠵᠠᠷ ᠣᠷᠣᠨ ᠤ ᠲᠡᠮᠳᠡᠭᠲᠦ | ᠦᠢᠯᠡᠳᠭᠦᠨ ︵ᠠᠮᠲᠠᠲᠤ ᠬᠡᠮᠬᠡ᠂ ᠴᠢᠨ᠋ᠸ᠎ᠠ ᠶᠢᠨ ᠬᠠᠷᠮᠠᠭ︶ ᠪᠠ ᠠᠯᠠᠰᠢᠨ ᠬᠤᠨᠢ ᠲᠡᠵᠢᠭᠡᠨ ᠦᠷᠡᠵᠢᠭᠦᠯᠬᠦ 2 ᠠᠵᠤ ᠦᠢᠯᠡᠰ ᠤᠨ ᠲᠥᠪᠯᠡᠷᠡᠭᠰᠡᠨ ᠣᠷᠣᠨ ᠢ | ᠪᠠᠶᠢᠭᠤᠯᠤᠨ᠎ᠠ︔ 311 ᠮᠤᠵᠢ ᠶᠢᠨ ᠵᠠᠮ ᠳᠠᠭᠠᠤ ᠳᠠᠭᠤᠷᠢᠶᠠᠮᠠᠯ ᠬᠡᠭᠡᠷ᠎ᠡ ᠶᠢᠨ ᠬᠢᠲᠠᠳ ᠡᠮ ᠤᠨ ᠮᠠᠲ᠋ᠧᠷᠢᠶᠠᠯ ᠪᠠ ᠢᠳᠡᠭᠡᠨ ᠤ ᠮᠥᠭᠦ ᠶᠢᠨ ᠠᠵᠤ ᠦᠢᠯᠡᠰ ᠤᠨ | ᠲᠥᠪᠯᠡᠷᠡᠯ ᠤᠨ ᠣᠷᠣᠨ ᠢ ᠪᠠᠶᠢᠭᠤᠯᠤᠨ᠎ᠠ︔ ᠣᠯᠢᠶᠠᠰᠣ ᠨᠠᠭᠤᠷ ᠤᠨ ᠡᠮᠦᠨ᠎ᠡ ᠡᠷᠭᠢ ᠳᠠᠭᠠᠤ ᠤᠯᠠᠭᠠᠨ ᠯᠠᠵᠤᠤ ᠦᠢᠯᠡᠳᠪᠦᠷᠢᠯᠡᠵᠦ ᠡᠳ᠋ᠰᠢᠭᠦᠯᠵᠣ ᠪᠣᠷᠣᠯᠠᠭᠤᠯᠬᠤ ᠶᠢ | ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠣᠯᠢᠶᠠᠰᠣ ᠨᠠᠭᠤᠷ ᠤᠨ ᠪᠠᠷᠠᠭᠤᠨ ᠡᠷᠭᠢ ᠳᠠᠭᠠᠤ ᠬᠤᠯᠤ᠂ ᠨᠡᠷᠡᠨ | ᠬᠤᠸᠠᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠣᠯᠢᠶᠠᠰᠣ ᠨᠠᠭᠤᠷ ᠤᠨ | ᠬᠤᠶᠢᠲᠤ ᠡᠷᠭᠢ ᠳᠠᠭᠠᠤ ᠣᠨᠴᠠᠯᠢᠭᠲᠤ ᠡᠷᠳᠡᠨᠢ ᠰᠢᠰᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠣᠯᠢᠶᠠᠰᠣ ᠨᠠᠭᠤᠷ | ᠤᠨ ᠵᠡᠭᠦᠨ ᠡᠷᠭᠢ ᠳᠠᠭᠠᠤ 10 ᠲᠦᠮᠡᠨ ᠰᠠᠭᠠᠯᠢ ᠶᠢᠨ ᠦᠨᠢᠶ᠎ᠡ᠂ 10 ᠲᠦᠮᠡᠨ ᠠᠯᠠᠰᠢᠨ ᠦᠬᠡᠷ᠂ 200 ᠲᠦᠮᠡᠨ ᠭᠠᠭ᠋ᠠᠢ ᠶᠢᠨ ᠣᠷᠭᠠᠨᠢᠭ ᠮᠠᠯ ᠤᠨᠠᠵᠤ | ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠬᠤ ᠶᠢ ᠵᠢᠭᠠᠵᠤ ᠪᠤᠢ᠃ | ᠲᠣᠮᠣ ᠳᠤᠮᠳᠠ ᠬᠡᠯᠪᠡᠷᠢ ᠶᠢᠨ ᠠᠭᠤᠷᠬᠠᠶ᠄ ᠲᠡᠮᠦᠷ ᠤᠨ ᠠᠭᠤᠷᠬᠠᠶ ᠶᠢᠨ ᠠᠵᠤ ᠠᠬᠤᠶᠢᠯᠠᠯ ᠨᠢᠭᠡᠪᠦᠷᠢ ᠠᠭᠤᠷᠬᠠᠶ ᠨᠡᠭᠡᠭᠡᠨ ᠮᠠᠯᠲᠠᠬᠤ ᠠᠳᠠᠯᠢ ᠪᠤᠰᠤ ᠠᠷᠭ᠎ᠠ | ᠮᠠᠶ᠋ᠢᠭ ᠢ ᠦᠨᠳᠦᠰᠦᠯᠡᠨ ᠵᠣᠬᠢᠬᠤ ᠨᠡᠭᠡᠭᠡᠨ ᠮᠠᠯᠲᠠᠬᠤ ᠬᠡᠪᠴᠢᠶ᠎ᠡ ᠳᠤ ᠬᠦᠷᠦᠭᠦᠯᠵᠦ᠂ ᠭᠠᠵᠠᠷ ᠳᠣᠣᠷᠠᠬᠢ ᠨᠡᠭᠡᠭᠡᠨ ᠮᠠᠯᠲᠠᠬᠤ ᠠᠭᠤᠷᠬᠠᠶ ᠶᠢᠨ ᠨᠡᠭᠡᠭᠡᠨ ᠮᠠᠯᠲᠠᠬᠤ | ᠬᠡᠪᠴᠢᠶ᠎ᠡ ᠶᠢ ᠵᠢᠯ ᠳᠤ 30 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠵᠠᠳᠠᠭᠠᠶ ᠨᠡᠭᠡᠭᠡᠨ ᠮᠠᠯᠲᠠᠬᠤ ᠠᠭᠤᠷᠬᠠᠶ ᠶᠢᠨ ᠨᠡᠭᠡᠭᠡᠨ ᠮᠠᠯᠲᠠᠬᠤ ᠬᠡᠪᠴᠢᠶ᠎ᠡ ᠶᠢ | ᠵᠢᠯ ᠳᠤ 60 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠶᠢ ᠵᠢᠭᠠᠵᠤ ᠪᠤᠢ᠃ | ︽ᠡᠬᠢ ᠰᠤᠷᠪᠤᠯᠵᠢ ᠶᠢᠨ ᠰᠦᠯᠵᠢᠶ᠎ᠡ ᠶᠢ ᠴᠡᠨᠡᠭᠯᠡᠵᠦ ᠨᠥᠭᠡᠴᠡᠯᠡᠬᠦ︾᠄ ᠡᠨᠡ ᠪᠣᠯ ᠨᠢᠭᠡ ᠵᠦᠢᠯ ᠤᠨ ︽ᠴᠠᠬᠢᠯᠭᠠᠨ ᠡᠭᠦᠰᠭᠡᠭᠴᠢ᠂ ᠴᠠᠬᠢᠯᠭᠠᠨ ᠲᠣᠤᠷ᠂ | ᠠᠴᠢᠶ᠎ᠠ᠂ ᠡᠨᠧᠷᠭᠢ ᠬᠠᠳᠠᠭᠠᠯᠠᠬᠤ︾ ᠶᠢ ᠪᠦᠬᠦᠯᠢ ᠴᠣᠭᠴᠠ ᠪᠠᠷ ᠨᠢ ᠰᠢᠢᠳᠪᠦᠷᠢᠯᠡᠬᠦ ᠲᠥᠰᠦᠯ ᠢ ᠪᠠᠭᠲᠠᠭᠠᠭᠰᠠᠨ ᠡᠵᠡᠩᠨᠡᠯᠲᠡ ᠶᠢᠨ ᠵᠠᠭᠪᠤᠷ ᠪᠣᠯᠤᠨ᠎ᠠ᠂ ᠲᠡᠷᠡ ᠨᠢ | ᠨᠡᠶᠢᠭᠡᠮ ᠤᠨ ᠲᠠᠰᠤᠯᠳᠠᠭᠤᠯᠵᠤ ᠪᠣᠯᠬᠤ ᠴᠠᠬᠢᠯᠭᠠᠨ ᠬᠡᠷᠡᠭᠯᠡᠬᠦ ᠠᠴᠢᠶ᠎ᠠ ᠪᠠ ᠡᠨᠧᠷᠭᠢ ᠬᠠᠳᠠᠭᠠᠯᠠᠬᠤ ᠡᠬᠢ ᠪᠠᠶᠠᠯᠢᠭ ᠢ ᠣᠨᠣᠪᠴᠢᠲᠠᠶ ᠡᠵᠡᠮᠳᠡᠵᠦ᠂ ᠴᠠᠬᠢᠯᠭᠠᠨ | ᠲᠣᠤᠷ ᠤᠨ ᠠᠮᠤᠷ ᠲᠦᠪᠰᠢᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠴᠡᠪᠡᠷ ᠡᠨᠧᠷᠭᠢ ᠶᠢ ᠰᠢᠩᠭᠡᠭᠡᠬᠦ ᠶᠠᠪᠤᠴᠠ ᠳᠠᠬᠢ ᠴᠠᠬᠢᠯᠭᠠᠨ ᠲᠣᠤᠷ ᠤᠨ | ᠳᠣᠯᠭᠢᠶᠠᠯᠠᠬᠤ ᠴᠢᠨᠠᠷ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠵᠢᠭᠠᠵᠤ ᠪᠤᠢ᠃ | ︽ᠭᠤᠷᠪᠠᠨ ᠣᠷᠣᠨ ᠭᠤᠷᠪᠠᠨ ᠱᠤᠭᠤᠮ︾᠄ ︽ᠭᠤᠷᠪᠠᠨ ᠣᠷᠣᠨ︾ ᠭᠡᠳᠡᠭ ᠨᠢ ᠠᠮᠢ ᠠᠬᠤᠶ᠂ ᠲᠠᠷᠢᠶᠠᠯᠠᠩ᠂ ᠬᠤᠲᠠ ᠪᠠᠯᠭᠠᠰᠤ ᠭᠤᠷᠪᠠᠨ ᠲᠦᠷᠦᠯ ᠤᠨ | ᠣᠷᠣᠨ ᠵᠠᠶ ᠶᠢ ᠵᠢᠭᠠᠵᠤ ᠪᠠᠶᠢᠨ᠎ᠠ︔ ︽ᠭᠤᠷᠪᠠᠨ ᠱᠤᠭᠤᠮ︾ ᠭᠡᠳᠡᠭ ᠨᠢ ᠠᠮᠢ ᠠᠬᠤᠶ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠬᠤᠳᠠ ᠪᠠᠯᠭᠠᠰᠤᠨ ᠤ | ᠣᠷᠣᠨ ᠵᠠᠶ ᠶᠢ ᠦᠨᠳᠦᠰᠦᠯᠡᠨ ᠵᠠᠭᠠᠭᠯᠠᠨ ᠲᠣᠭᠲᠠᠭᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠪᠠ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠵᠢᠭᠠᠵᠤ ᠪᠣᠢ᠃ | ︽ᠬᠤᠶᠠᠷ ᠶᠡᠭᠡ︾ ᠲᠥᠷᠥᠯ ᠵᠦᠢᠯ᠄ ᠪᠣᠬᠢᠷᠲᠤᠭᠤᠯᠤᠯ ᠶᠡᠬᠡᠲᠡᠶ ᠪᠠ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠢ ᠵᠢᠭᠠᠵᠤ ᠪᠤᠢ᠃ | ︽ᠬᠤᠶᠠᠷ ᠰᠢᠨ᠎ᠡ ᠨᠢᠭᠡ ᠬᠦᠨᠳᠦ︾᠄ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ | ᠶᠢ ᠵᠢᠭᠠᠵᠤ ᠪᠤᠢ᠃ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠄ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠶᠡᠷᠦᠩᠬᠡᠶ ᠡᠮᠨᠡᠯᠭᠡ ᠶᠢᠨ ᠬᠤᠷᠢᠶ᠎ᠠ | ᠪᠣᠯᠭᠠᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠡᠯ᠎ᠡ ᠰᠤᠮᠤ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠪᠦᠷᠢᠯᠳᠦᠬᠦᠨ ᠨᠢᠭᠡᠴᠢ ᠪᠣᠯᠭᠠᠭᠰᠠᠨ ᠰᠢᠨ᠎ᠡ ᠬᠡᠯᠪᠡᠷᠢ ᠶᠢᠨ ᠡᠮᠴᠢᠯᠡᠭᠡᠨ ᠤ ᠬᠠᠮᠢᠶᠠᠷᠤᠯᠲᠠ ᠶᠢᠨ ᠵᠠᠭᠪᠤᠷ ᠢ | ᠪᠠᠶᠢᠭᠤᠯᠬᠤ ᠶᠢ ᠵᠢᠭᠠᠵᠤ ᠪᠤᠢ᠃ | ︽ᠤᠰᠤ ᠪᠠᠷ ᠲᠦᠷᠪᠡ ᠶᠢ ᠲᠣᠭᠲᠠᠭᠠᠬᠤ︾᠄ ᠬᠤᠳᠠ ᠶᠢᠨ ᠬᠥᠭᠵᠢᠯᠲᠡ ᠳᠤ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ | ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠬᠤ ᠶᠢ ᠵᠢᠭᠠᠵᠤ ᠪᠣᠢ᠃ | ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ | ᠬᠠᠮᠠᠭᠠᠯᠠᠵᠤ᠂ ᠰᠠᠶᠢᠲᠤᠷ ᠡᠵᠡᠩᠨᠡᠬᠦ ᠶᠢ ᠵᠢᠭᠠᠵᠤ ᠪᠤᠢ᠃ | ︽ᠲᠠᠪᠤᠨ ᠪᠠᠯᠭᠠᠰᠤ ᠳᠥᠷᠪᠡᠨ ᠲᠣᠰᠬᠤᠨ︾ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠄ ᠠᠭᠤᠯᠠ ᠤᠰᠤ ᠣᠶ ᠲᠠᠷᠢᠶ᠎ᠠ ᠶᠢᠨ ᠲᠤᠷᠰᠢᠯᠲᠠ ᠶᠢᠨ ᠴᠡᠭ | ᠤᠨ ᠲᠥᠷᠥᠯ ᠵᠦᠢᠯ ᠳᠤ ᠲᠦᠰᠢᠭᠯᠡᠨ ᠪᠠᠷᠠᠭᠤᠨ ᠪᠠᠭ᠎ᠠ ᠵᠣᠣ ᠪᠠᠯᠭᠠᠰᠤ᠂ ᠰᠢᠨ ᠠᠨ ᠪᠠᠯᠭᠠᠰᠤ᠂ ᠪᠠᠭ᠎ᠠ ᠰᠢᠭᠡᠲᠡᠢ ᠪᠠᠯᠭᠠᠰᠤ᠂ ᠰᠤᠳᠠᠯ ᠤᠨ ᠬᠤᠳᠳᠤᠭ ᠪᠠᠯᠭᠠᠰᠤ᠂ | ᠰᠠᠭᠠᠳᠠᠭ ᠰᠤᠮᠤ ᠪᠣᠯᠤᠨ ᠪᠠᠷᠠᠭᠤᠨ ᠪᠠᠭ᠎ᠠ ᠵᠣᠣ ᠪᠠᠯᠭᠠᠰᠣ ᠶᠢᠨ ᠪᠸᠢ ᠭᠧ ᠳ᠋ᠦ᠋ ᠲᠣᠰᠬᠤᠨ᠂ ᠪᠠᠷᠠᠭᠤᠨ ᠪᠠᠭ᠎ᠠ ᠵᠣᠣ ᠪᠠᠯᠭᠠᠰᠤ ᠶᠢᠨ ᠬᠥᠩ ᠲᠢᠶᠠᠨ ᠲᠣᠰᠬᠤᠨ᠂ ᠰᠢᠨ | ᠠᠨ ᠪᠠᠯᠭᠠᠰᠤ ᠶᠢᠨ ᠰᠢᠨ ᠠᠨ ᠲᠣᠰᠬᠤᠨ᠂ ᠰᠢᠨ ᠠᠨ ᠪᠠᠯᠭᠠᠰᠤ ᠶᠢᠨ ᠬᠤᠩ ᠭᠤᠸᠠᠩ ᠲᠣᠰᠬᠤᠨ ᠵᠡᠷᠭᠡ 9 ᠪᠠᠯᠭᠠᠰᠤ ᠲᠣᠰᠬᠤᠨ ᠤ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠶᠢ ᠪᠥᠲᠥᠭᠡᠨ ᠪᠠᠶᠢᠭᠤᠯᠬᠤ ᠶᠢ ᠵᠢᠭᠠᠵᠤ ᠪᠤᠢ᠃ | ︽ᠬᠤᠶᠠᠷ ᠢ ᠲᠣᠭᠲᠠᠭᠠᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ | ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠬᠤ ᠶᠢ ᠵᠢᠭᠠᠵᠤ ᠪᠤᠢ᠃ | | | | | |