ᠸᠠᠩ ᠵᠢᠶᠦ᠋ᠨ ᠵᠢᠶᠧ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ  ᠬᠤᠷᠠᠯᠳᠣᠪᠠ
ᠨᠡᠶᠢᠲᠡᠯᠡᠭᠰᠡᠨ ᠴᠠᠭ᠄
2022/10/14
     10 ᠰᠠᠷ᠎ᠠ ᠶᠢᠨ 10 ᠤ ᠣᠷᠣᠶ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᠵᠢᠶᠦ᠋ᠨ ᠵᠢᠶᠧ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠣᠪᠠ᠃ 

调度会1.jpg

    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠠᠷᠠᠨᠴᠡᠴᠡᠭ᠂ ᠵᠠᠰᠠᠭ ᠤᠨ

ᠣᠷᠳᠣᠨ ᠤ ᠳᠡᠳ᠋ ᠬᠤᠰᠢᠭᠤᠨ ᠳᠠᠷᠤᠭ᠎ᠠ ᠰᠦ᠋ ᠴᠠᠩ᠂ ᠪᠠᠶᠠᠨᠪᠢᠯᠢᠭ᠌ ᠵᠢᠴᠢ ᠡᠯ᠎ᠡ ᠲᠤᠰᠠᠭᠠᠷᠯᠠᠬᠤ ᠴᠡᠭ ᠤᠨ ᠳᠠᠭᠠᠭᠠᠴᠢᠯᠠᠨ ᠬᠠᠷᠢᠯᠴᠠᠬᠤ ᠬᠤᠰᠢᠭᠤᠨ ᠤ

ᠤᠳᠤᠷᠢᠳᠤᠯᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂  ᠲᠣᠰᠠᠭᠠᠷᠯᠠᠨ ᠡᠵᠡᠮᠳᠡᠬᠦ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠪᠠ᠃

    ᠬᠤᠷᠠᠯ ᠳᠤ᠂ ᠸᠠᠩ ᠵᠢᠶᠦ᠋ᠨ ᠵᠢᠶᠧ ᠸᠢᠳᠢᠣ᠋ ᠪᠠᠷ ᠳᠠᠮᠵᠢᠭᠤᠯᠤᠨ ᠬᠥᠬᠡᠬᠤᠲᠠ ᠶᠢᠨ ᠳᠠᠮᠵᠢᠭᠤᠯᠤᠨ ᠲᠣᠰᠠᠭᠠᠷᠯᠠᠭᠰᠠᠨ ᠬᠥᠮᠦᠰ ᠤᠨ ᠪᠠᠭᠤᠳᠠᠯ ᠤᠨ ᠴᠡᠭ ᠤᠨ

ᠳᠠᠷᠤᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠲᠤᠰᠠᠭᠠᠷᠯᠠᠬᠤ ᠴᠡᠭ ᠤᠨ ᠪᠥᠭᠡᠮ ᠬᠦᠴᠢᠯ ᠢ ᠴᠤᠭᠯᠠᠭᠤᠯᠬᠤ᠂ ᠠᠷᠢᠭᠤᠳᠬᠠᠬᠤ᠂ ᠬᠤᠭ ᠨᠣᠪᠰᠢ ᠶᠢ

ᠰᠢᠢᠳᠪᠦᠷᠢᠯᠡᠬᠦ᠂ ᠬᠤᠭᠤᠯᠠ ᠤᠮᠳᠠ ᠲᠠᠷᠬᠠᠭᠠᠬᠤ᠂ ᠠᠵᠢᠯᠲᠠᠨ ᠤ ᠬᠤᠪᠢ ᠬᠥᠮᠦᠨ ᠤ ᠬᠠᠮᠠᠭᠠᠯᠠᠯᠲᠠ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠠᠰᠠᠭᠤᠵᠤ᠂

ᠲᠤᠰᠠᠭᠠᠷᠯᠠᠭᠳᠠᠭᠰᠠᠨ ᠬᠥᠮᠦᠰ ᠤᠨ ᠤᠷᠮ᠎ᠠ ᠰᠡᠳᠬᠢᠯᠭᠡ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠡᠯ᠎ᠡ ᠲᠤᠰᠠᠭᠠᠷᠯᠠᠬᠤ ᠴᠡᠭ ᠲᠤ ᠣᠷᠣᠰᠢᠵᠤ ᠪᠠᠶᠢᠭ᠎ᠠ ᠬᠦᠴᠢᠷᠳᠡᠯ

᠂ ᠠᠰᠠᠭᠤᠳᠠᠯ ᠢ ᠲᠤᠬᠠᠶ ᠶᠢᠨ ᠲᠠᠯᠠᠪᠠᠶ ᠳᠤ ᠵᠢᠯᠣᠭᠤᠳᠤᠨ ᠰᠢᠢᠳᠪᠦᠷᠢᠯᠡᠪᠡ᠃

调度会2.jpg

    ᠸᠠᠩ ᠵᠢᠶᠦ᠋ᠨ ᠵᠢᠶᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠤᠰᠠᠭᠠᠷᠯᠠᠬᠤ ᠴᠡᠭ ᠤᠨ ᠪᠣᠶ ᠪᠥᠬᠦᠶ ᠠᠵᠢᠯᠲᠠᠨ ᠤ

ᠰᠢᠷᠭᠠᠭᠤ ᠴᠢᠷᠮᠠᠶᠢᠯᠭ᠎ᠠ ᠳᠤ ᠲᠣᠬᠤᠨᠢᠭᠤᠯᠤᠯ ᠪᠠ ᠲᠠᠯᠠᠷᠬᠠᠯ ᠢᠶᠠᠨ ᠢᠯᠡᠳᠬᠡᠵᠦ᠂ ᠪᠣᠶ ᠪᠥᠬᠦᠶ ᠠᠵᠢᠯᠲᠠᠨ ᠤ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠸᠠᠩ

ᠵᠢᠶᠦ᠋ᠨ ᠵᠢᠶᠧ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠥᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂

ᠲᠥᠪᠯᠡᠷᠡᠭᠦᠯᠦᠨ ᠲᠤᠰᠠᠭᠠᠷᠯᠠᠬᠤ ᠴᠡᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠡᠮᠦᠨ᠎ᠡ ᠹᠷᠣᠨᠲ ᠪᠣᠯᠤᠭᠰᠠᠨ ᠤ ᠬᠤᠪᠢ ᠳᠤ᠂

ᠡᠭᠦᠷᠭᠡ ᠬᠦᠨᠳᠦ᠂ ᠳᠠᠷᠤᠯᠲᠠ ᠶᠡᠭᠡ ᠪᠠᠶᠢᠨ᠎ᠠ᠂ ᠥᠷᠭᠡᠨ ᠣᠯᠠᠨ ᠠᠵᠢᠯᠲᠠᠨ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂

ᠲᠤᠰᠠᠭᠠᠷᠯᠠᠬᠤ ᠴᠡᠭ ᠤᠨ ᠣᠷᠴᠢᠨ ᠲᠣᠭᠤᠷᠢᠨ ᠢ ᠠᠷᠢᠭᠤᠳᠬᠠᠬᠤ᠂ ᠲᠤᠰᠠᠭᠠᠷᠯᠠᠬᠤ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠡᠮᠴᠢᠯᠡᠭᠡᠨ ᠤ

ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠠᠵᠢᠯ ᠢ ᠨᠠᠷᠢᠯᠢᠭ ᠠᠴᠠ ᠨᠠᠷᠢᠯᠢᠭ ᠪᠣᠳᠠᠲᠠᠶ ᠠᠴᠠ ᠪᠣᠳᠠᠲᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃

ᠲᠤᠰᠠᠭᠠᠷᠯᠠᠬᠤ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠳᠠᠨ ᠤ ᠪᠢᠲᠡᠭᠦᠮᠵᠢᠯᠡᠭᠰᠡᠨ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠶᠢ ᠴᠢᠩᠭ᠎ᠠ

ᠨᠠᠶᠢᠳᠠᠪᠤᠷᠢᠵᠢᠭᠤᠯᠵᠤ᠂ ᠬᠠᠮᠢᠶ᠎ᠠ ᠦᠭᠡᠢ ᠬᠥᠮᠦᠰ ᠤᠨ ᠣᠶᠢᠷᠠᠳᠬᠤ ᠶᠢ ᠡᠷᠡᠰ ᠬᠤᠷᠢᠭᠯᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ ᠰᠣᠶᠣᠯ

ᠢᠷᠭᠡᠨᠰᠢᠯ ᠤᠨ ᠬᠠᠯᠠᠮᠵᠢᠯᠠᠯ ᠢ ᠤᠯᠠᠮ ᠴᠢᠨᠠᠭᠰᠢᠳᠠ ᠴᠢᠩᠭᠠᠳᠬᠠᠵᠤ᠂ ᠤᠷᠮ᠎ᠠ ᠰᠡᠳᠬᠢᠯᠭᠡ ᠶᠢ ᠨᠢ ᠬᠦᠳᠦᠯᠥᠨ ᠵᠢᠯᠣᠭᠤᠳᠬᠤ ᠵᠡᠷᠭᠡ ᠦᠢᠯᠡᠴᠢᠯᠡᠭᠡᠨ ᠤ ᠠᠵᠢᠯ ᠢ

ᠬᠦᠯᠢᠴᠡᠩᠭᠦᠢ ᠪᠠᠷ ᠨᠢᠮᠪᠠᠢ ᠰᠠᠶᠢᠲᠤᠷ ᠬᠢᠵᠦ᠂ ᠲᠤᠰᠠᠭᠠᠷᠯᠠᠭᠳᠠᠵᠤ ᠪᠠᠶᠢᠭ᠎ᠠ ᠬᠥᠮᠦᠰ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ᠃ ᠨᠠᠷᠢᠨ

ᠬᠢᠨᠠᠮᠠᠭᠠᠶ ᠬᠠᠷᠢᠭᠤᠴᠠᠬᠤ ᠠᠵᠢᠯ ᠤᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠶ ᠳᠤᠨᠢ ᠴᠡᠭᠴᠡᠯᠡᠨ

ᠰᠠᠶᠢᠵᠢᠷᠠᠭᠤᠯᠵᠤ᠂ ᠰᠣᠯᠪᠢᠴᠠᠨ ᠬᠠᠯᠳᠠᠪᠤᠷᠢᠯᠠᠬᠤ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠠᠯᠳᠠᠰᠢ

ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠶ  ᠬᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ