ᠤᠯᠠᠭᠠᠨᠰᠤᠬᠠᠢ ᠨᠠᠭᠤᠷ ᠤᠨ ᠨᠡᠭᠦᠷᠡᠰᠦᠲᠥ᠋ᠷᠥᠭᠴᠢ ᠬᠤᠷᠠᠯᠲᠠ ᠵᠢᠴᠢ ᠲᠡᠭᠦᠨ ᠤ ᠨᠥᠯᠥᠭᠡᠯᠡᠬᠦ ᠬᠦᠴᠦᠨ ᠵᠦᠢᠯ ᠢ ᠬᠡᠮᠵᠢᠨ ᠲᠣᠭᠲᠠᠭᠠᠬᠤ ᠠᠷᠭ᠎ᠠ ᠶᠢᠨ ᠰᠤᠳᠤᠯᠭᠠᠨ ᠤ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2022/10/14
      ᠣᠶᠢᠷ᠎ᠠ ᠳᠤ᠂ ᠤᠯᠠᠭᠠᠨᠰᠤᠬᠠᠢ ᠨᠠᠭᠤᠷ ᠤᠨ ᠲᠣᠭᠤᠷᠢᠭ ᠲᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠨᠵᠢᠩ ᠤᠨ ᠭᠠᠵᠠᠷ ᠵᠦᠶ ᠬᠢᠭᠡᠳ ᠨᠠᠭᠤᠷ ᠴᠥᠭᠦᠷᠥᠮ ᠰᠤᠳᠤᠯᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠠᠵᠢᠯᠲᠠᠨ ᠣᠩᠭᠤᠴᠠ ᠪᠠᠷ ᠨᠢᠭᠡᠨᠲᠡ ᠲᠣᠭᠲᠠᠭᠰᠠᠨ 8 ᠴᠡᠭ ᠲᠤ ᠬᠦᠷᠴᠦ ᠥᠯᠢᠭᠡᠷ ᠠᠪᠴᠤ᠂ ᠳᠠᠷᠠᠭ᠎ᠠ ᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠡᠷᠡ ᠳᠠᠷᠤᠶ ᠳᠤᠨᠢ ᠤᠰᠤᠨ ᠤ ᠥᠯᠢᠭᠡᠷ ᠢ ᠲᠤᠷᠰᠢᠯᠲᠠ ᠶᠢᠨ ᠲᠠᠰᠤᠭ ᠲᠤ ᠬᠦᠷᠭᠡᠵᠦ ᠰᠢᠨᠵᠢᠯᠡᠨ ᠰᠢᠯᠭᠠᠵᠤ ᠵᠠᠳᠠᠯᠤᠯᠲᠠ ᠬᠢᠭᠡᠳ ᠤᠯᠠᠭᠠᠨᠰᠤᠬᠠᠢ ᠶᠢᠨ ᠨᠡᠭᠦᠷᠡᠰᠦᠲᠥ᠋ᠷᠥᠭᠴᠢ ᠬᠤᠷᠠᠯᠲᠠ ᠶᠢ ᠬᠡᠮᠵᠢᠨ ᠲᠣᠭᠲᠠᠭᠠᠬᠤ ᠠᠷᠭ᠎ᠠ ᠶᠢ ᠬᠡᠷᠡᠭᠯᠡᠬᠦ ᠪᠠᠷ ᠲᠣᠭᠲᠠᠪᠠ᠃

检测1.jpg

检测2.png

 

     ᠣᠶᠢᠯᠠᠭᠠᠭᠰᠠᠨ ᠢᠶᠠᠷ᠂ ᠤᠯᠠᠭᠠᠨᠰᠤᠬᠠᠢ ᠨᠠᠭᠤᠷ ᠤᠨ ᠨᠡᠭᠦᠷᠡᠰᠦᠲᠥ᠋ᠷᠥᠭᠴᠢ ᠬᠤᠷᠠᠯᠲᠠ ᠵᠢᠴᠢ ᠲᠡᠭᠦᠨ ᠤ ᠨᠥᠯᠥᠭᠡᠯᠡᠬᠦ ᠬᠦᠴᠦᠨ ᠵᠦᠢᠯ ᠢ ᠬᠡᠮᠵᠢᠨ ᠲᠣᠭᠲᠠᠭᠠᠬᠤ

ᠠᠷᠭ᠎ᠠ ᠶᠢᠨ ᠰᠤᠳᠤᠯᠭᠠᠨ ᠤ ᠲᠥᠷᠥᠯ ᠵᠦᠢᠯ ᠪᠣᠯ 2021 ᠣᠨ ᠤ ᠪᠠᠶᠠᠨᠨᠠᠭᠤᠷ ᠬᠤᠲᠠ ᠶᠢᠨ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠴᠢᠳᠠᠪᠤᠷᠢᠲᠠᠨ ᠢ ᠬᠥᠲᠥᠯᠥᠨ ᠳᠠᠭᠠᠭᠤᠯᠬᠤ ᠢᠨᠵᠧᠨᠧᠷᠢᠩ ᠤᠨ ᠲᠥᠷᠥᠯ ᠵᠦᠢᠯ ᠪᠣᠯᠤᠨ᠎ᠠ᠃

ᠤᠯᠠᠭᠠᠨᠰᠤᠬᠠᠢ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠥᠪ ᠲᠦᠷᠦᠭᠦᠯᠡᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠨᠵᠢᠩ ᠤᠨ

ᠭᠠᠵᠠᠷ ᠵᠦᠶ ᠬᠢᠭᠡᠳ ᠨᠠᠭᠤᠷ ᠴᠥᠭᠦᠷᠥᠮ ᠰᠤᠳᠤᠯᠬᠤ ᠭᠠᠵᠠᠷ᠂ ᠥᠪᠥᠷ ᠮᠣᠩᠭᠤᠯ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠺᠣᠮᠫᠠᠨᠢ ᠬᠠᠮᠲᠤ ᠪᠠᠷ ᠰᠤᠳᠤᠯᠭᠠᠨ ᠳᠤ ᠣᠷᠣᠯᠴᠠᠪᠠ᠃ ᠲᠥᠷᠥᠯ  ᠵᠦᠢᠯ ᠤᠨ ᠰᠤᠳᠤᠯᠭᠠᠨ ᠤ ᠠᠭᠤᠯᠭ᠎ᠠ ᠪᠣᠯ ᠤᠯᠤᠰ ᠤᠨ ᠳᠣᠲᠣᠭᠠᠳᠤ

ᠭᠠᠳᠠᠭᠠᠳᠤ ᠶᠢᠨ ᠨᠠᠭᠤᠷ ᠴᠥᠭᠦᠷᠥᠮ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠲᠥᠰᠦᠭᠡᠯᠡᠨ ᠪᠤᠳᠤᠬᠤ ᠠᠷᠭ᠎ᠠ ᠪᠠᠷ ᠬᠠᠷᠢᠴᠠᠭᠤᠯᠤᠨ ᠰᠣᠩᠭᠤᠵᠤ᠂

ᠤᠯᠠᠭᠠᠨᠰᠤᠬᠠᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠠᠭᠠᠨᠰᠤᠬᠠᠢ ᠨᠠᠭᠤᠷ ᠲᠤ ᠳᠣᠭᠢᠷᠠᠬᠤ ᠨᠡᠭᠦᠷᠡᠰᠦᠲᠥ᠋ᠷᠥᠭᠴᠢ ᠶᠢᠨ ᠬᠤᠷᠠᠮᠠᠯ ᠢ ᠪᠤᠳᠤᠬᠤ ᠠᠷᠭ᠎ᠠ ᠶᠢ

ᠳᠤᠷᠠᠳᠤᠨ ᠭᠠᠷᠭᠠᠨ᠎ᠠ᠃ ᠲᠥᠷᠥᠯ  ᠵᠦᠢᠯ ᠨᠢ ᠠᠩᠬ᠎ᠠ ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠠᠭᠤᠷ ᠴᠥᠭᠦᠷᠥᠮ ᠨᠤᠭᠤ ᠭᠠᠵᠠᠷ ᠤᠨ

ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠡᠮᠵᠢᠨ ᠲᠣᠭᠲᠠᠭᠠᠬᠤ ᠶᠢ ᠰᠤᠳᠤᠯᠵᠤ᠂ ᠰᠤᠳᠤᠯᠭᠠᠨ ᠤ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ

ᠨᠠᠭᠤᠷ ᠴᠥᠭᠦᠷᠥᠮ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠬᠢᠬᠦ ᠳᠤ ᠲᠣᠯᠢ

ᠪᠣᠯᠭᠠᠵᠤ ᠪᠣᠯᠬᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃

检测3.png

检测4.png

    

     ᠣᠳᠣᠬᠠᠨ ᠳᠤ᠂ ᠲᠥᠷᠥᠯ ᠵᠦᠢᠯ ᠤᠨ ᠳᠤᠭᠤᠶᠢᠯᠠᠩ ᠨᠢᠭᠡᠨᠲᠡ ᠤᠯᠠᠭᠠᠨᠰᠤᠬᠠᠢ ᠳᠤ ᠲᠤᠬᠠᠶ ᠶᠢᠨ ᠲᠠᠯᠠᠪᠠᠶ ᠶᠢᠨ ᠣᠨᠣᠯ᠂ ᠮᠡᠷᠭᠡᠵᠢᠯ ᠤᠨ ᠪᠣᠯᠪᠠᠰᠤᠷᠠᠯ᠂

ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠲᠠᠰᠤᠭ ᠪᠠᠶᠢᠭᠤᠯᠬᠤ ᠵᠡᠷᠭᠡ ᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠨᠠᠭᠤᠷ ᠤᠨ ᠲᠣᠭᠤᠷᠢᠭ ᠤᠨ

ᠥᠯᠢᠭᠡᠷ ᠶᠠᠩᠵᠤ ᠠᠪᠬᠤ ᠵᠢᠴᠢ ᠵᠠᠳᠠᠯᠤᠯᠲᠠ ᠬᠢᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠲᠥᠷᠥᠯ ᠵᠦᠢᠯ ᠳᠤ 25 ᠲᠦᠮᠡᠨ ᠲᠥᠭᠦᠷᠢᠭ ᠤᠨ

ᠪᠠᠯᠠ ᠣᠷᠣᠭᠤᠯᠵᠤ᠂ 2022 ᠣᠨ ᠤ 12 ᠰᠠᠷ᠎ᠠ ᠳᠤ ᠪᠡᠶᠡᠯᠡᠭᠦᠯᠬᠦ ᠪᠠᠷ ᠪᠠᠶᠢᠨ᠎ᠠ᠃

检测5.png

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ