ᠸᠠᠩ ᠵᠢᠶᠦ᠋ᠨ ᠵᠢᠶᠧ ᠬᠤᠲᠠ ᠶᠢᠨ ᠲᠣᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/10/14
     10 ᠰᠠᠷ᠎ᠠ ᠶᠢᠨ 13 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠲᠠ ᠶᠢᠨ ᠲᠣᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠬᠠᠩᠭᠠᠯᠭ᠎ᠠ ᠶᠢᠨ ᠠᠵᠢᠯ ᠤᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃     ᠸᠠᠩ ᠵᠢᠶᠦ᠋ᠨ ᠵᠢᠶᠧ ᠨᠡᠷ ᠤᠷᠢᠳ ᠬᠤᠵᠢᠳ ᠵᠢᠶᠠ ᠶᠧ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠬᠤᠲᠠ᠂ ᠴᠠᠩ ᠴᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠬᠦᠷᠦᠭᠰᠡᠨ ᠭᠠᠵᠠᠷ ᠪᠣᠯᠭᠠᠨ ᠳᠤ᠂ ᠸᠠᠩ ᠵᠢᠶᠦ᠋ᠨ ᠵᠢᠶᠧ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠢᠳᠡᠰᠢᠨ ᠨᠣᠭᠤᠭ᠎ᠠ ᠬᠤᠳᠠᠯᠳᠤᠨ ᠠᠪᠬᠤ ᠠᠷᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠳᠤ ᠵᠢᠯᠣᠭᠤᠳᠬᠤ ᠰᠠᠨᠠᠯ ᠪᠠ ᠲᠣᠳᠣᠷᠬᠠᠶ ᠱᠠᠭᠠᠷᠳᠠᠯᠭ᠎ᠠ ᠳᠤᠷᠠᠳᠴᠠᠶ᠃

市场疫情防控1.jpg

    ᠸᠠᠩ ᠵᠢᠶᠦ᠋ᠨ ᠵᠢᠶᠧ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠴᠢᠨᠠᠷ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠦᠵᠡᠯ ᠰᠠᠨᠠᠭᠠᠨ ᠤ ᠲᠠᠯ᠎ᠠ ᠪᠠᠷ ᠭᠦᠨᠵᠡᠭᠡᠢ ᠲᠠᠨᠢᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠵᠠᠬ᠎ᠠ ᠳᠡᠯᠭᠡᠭᠦᠷ ᠤᠨ ᠡᠵᠡᠩᠨᠡᠭᠴᠢᠳ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂

ᠡᠳᠦᠷ ᠲᠤᠲᠤᠮ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠡᠵᠡᠩᠨᠡᠯᠲᠡ ᠶᠢᠨ ᠬᠤᠳᠠᠯᠳᠤᠭᠠᠴᠢᠨ ᠤ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ

ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠰᠠᠶᠢᠲᠤᠷ ᠬᠢᠵᠦ᠂ ᠡᠯ᠎ᠡ ᠬᠤᠳᠠᠯᠳᠤᠭᠠᠨ ᠤ ᠡᠷᠦᠬᠡ ᠶᠢ ᠱᠠᠯᠠᠪᠳᠠᠭᠤᠯᠤᠨ ᠪᠠᠶᠢᠩᠭᠤᠵᠢᠬᠰᠠᠨ ᠪᠡᠶ᠎ᠡ ᠶᠢᠨ ᠬᠠᠯᠠᠭᠤᠨ ᠢ ᠬᠡᠮᠵᠢᠬᠦ

ᠺᠣᠳ᠋ ᠰᠢᠯᠭᠠᠬᠤ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂

ᠬᠢᠵᠢᠭ ᠢ ᠰᠡᠷᠭᠡᠶᠢᠯᠡᠬᠦ ᠠᠵᠢᠯ ᠢ ᠥᠨᠴᠥᠭ ᠪᠤᠯᠤᠩ ᠥᠬᠡᠶ ᠬᠢᠬᠦ ᠬᠡᠷᠡᠭᠲᠡᠶ ᠬᠡᠪᠡ᠃ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠰᠢᠨᠵᠢᠯᠡᠬᠦ

ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠠᠷᠠᠭ᠎ᠠ ᠬᠠᠩᠭᠠᠬᠤ ᠢᠷᠡᠯᠳᠡ᠂ ᠲᠡᠷᠭᠡ ᠬᠥᠰᠬᠡ ᠶᠢᠨ ᠲᠡᠭᠡᠭᠡᠪᠦᠷᠢ᠂ ᠡᠳ᠋ ᠪᠠᠷᠠᠭ᠎ᠠ ᠶᠢ ᠪᠠᠶᠢᠴᠠᠭᠠᠨ ᠬᠡᠮᠵᠢᠬᠦ᠂ ᠡᠳ᠋

ᠪᠠᠷᠠᠭ᠎ᠠ ᠶᠢ ᠲᠤᠬᠢᠷᠠᠭᠤᠯᠤᠨ ᠬᠦᠷᠭᠡᠬᠦ ᠵᠡᠷᠭᠡ ᠡᠯ᠎ᠡ ᠭᠤᠭᠴᠤᠭ᠎ᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠰᠠᠶᠢᠲᠤᠷ ᠬᠢᠵᠦ᠂ ᠠᠮᠢᠳᠤᠷᠠᠯ ᠤᠨ ᠡᠳ᠋ ᠪᠣᠳᠠᠰ ᠤᠨ

ᠨᠥᠭᠡᠴᠡᠯᠡᠯᠲᠡ ᠶᠢᠨ ᠲᠤᠭ᠎ᠠ ᠬᠡᠮᠵᠢᠶ᠎ᠡ ᠭᠦᠢᠴᠡᠳ᠂ ᠶᠠᠰᠤ ᠴᠢᠨᠠᠷ ᠰᠠᠶᠢᠨ᠂ ᠬᠠᠮᠢᠶᠠᠷᠤᠯᠲᠠ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ

ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂

ᠠᠵᠢᠯᠯᠠᠭᠰᠠᠳ ᠢ ᠱᠠᠯᠠᠪᠳᠠᠭᠤᠯᠤᠨ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠦ᠂ ᠰᠢᠯᠭᠠᠨ ᠪᠠᠶᠢᠴᠠᠭᠠᠪᠠᠰᠤ ᠵᠣᠬᠢᠬᠤ ᠶᠢ ᠨᠢ

ᠪᠦᠬᠦᠨ ᠢ ᠰᠢᠯᠭᠠᠨ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ

ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂

ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ  ᠬᠦᠢᠴᠡᠳᠭᠡᠭᠰᠡᠨ ᠥᠬᠡᠶ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ

ᠪᠣᠳᠠᠲᠠᠶᠢᠵᠢᠭᠤᠯᠤᠭᠰᠠᠨ ᠥᠬᠡᠶ ᠡᠵᠡᠩᠨᠡᠯᠲᠡ ᠶᠢᠨ ᠨᠢᠭᠡᠴᠢ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ  ᠰᠢᠢᠳᠪᠦᠷᠢᠯᠡᠬᠦ ᠬᠡᠷᠡᠭᠲᠡᠶ ᠬᠡᠪᠡ᠃

市场疫情防控2.jpg

     ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠶᠠᠨᠪᠢᠯᠢᠭ᠌ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ

ᠰᠤᠳᠤᠯᠤᠯᠲᠠ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ