10 ᠰᠠᠷ᠎ᠠ ᠶᠢᠨ 12 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠸᠠᠩ ᠵᠢᠶᠦ᠋ᠨ ᠵᠢᠶᠧ 2022 ᠣᠨ ᠤ ᠨᠠᠢᠮᠠᠳᠣᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠣᠪᠠ᠃ | ᠸᠠᠩ ᠵᠢᠶᠦ᠋ᠨ ᠵᠢᠶᠧ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠮᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠡᠳ᠋ ᠡᠷᠬᠢᠯᠡᠭᠴᠢ ᠵᠢᠶᠠᠨ ᠶᠦᠩ ᠴᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠬᠠᠶ ᠴᠢᠩ ᠵᠢᠴᠢ ᠬᠤᠰᠢᠭᠤᠨ ᠤ ᠬᠢᠨᠠᠨ ᠪᠤᠳᠤᠯᠲᠠ᠂ | ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠵᠠᠶ᠃ | | | | | ᠬᠤᠷᠠᠯ ᠠᠴᠠ ︽ᠰᠢ ᠶᠢᠨ ᠫᠢᠩ ᠨᠥᠬᠦᠷ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠵᠢᠯ ᠤᠨ ᠲᠤᠬᠠᠢ ᠥᠭᠦᠯᠡᠭᠰᠡᠨ ᠨᠢ︾ ᠭᠡᠬᠦ | ᠨᠣᠮ ᠤᠨ ᠭᠤᠣᠯ ᠵᠣᠬᠢᠶᠠᠯ ᠢ ᠤᠯᠠᠮᠵᠢᠯᠠᠨ ᠰᠤᠷᠤᠯᠴᠠᠵᠦ᠂ ᠱᠦᠵᠢ ᠰᠦᠨ ᠱᠤᠤ ᠫᠢᠨ ᠤ ᠪᠦᠬᠦ ᠣᠷᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠰᠠᠶᠢᠨ ᠺᠠᠳ᠋ᠷ︾ ᠢ ᠨᠡᠷᠡᠶᠢᠳᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠬᠤᠯᠪᠣᠭᠳᠠᠯ ᠪᠦᠬᠦᠢ | ᠠᠵᠢᠯ ᠢ ᠲᠤᠰ ᠲᠤᠰ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ︽ᠲᠠᠪᠤᠨ ᠶᠡᠭᠡ ᠪᠠᠶᠢᠳᠠᠯ ᠢ ᠣᠶᠢᠯᠠᠭᠠᠬᠤ︾ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | | | | | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠦᠬᠦ ᠣᠷᠣᠨ ᠤ ︽ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠺᠠᠳ᠋ᠷ︾ ᠢ ᠨᠡᠷᠡᠶᠢᠳᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠡᠵᠡᠮᠰᠢᠵᠦ᠂ ᠵᠢᠳᠬᠦᠯ ᠴᠢᠷᠮᠠᠶᠢᠯᠭ᠎ᠠ ᠲᠠᠢ ᠪᠣᠯ ᠰᠠᠶ᠋ᠢ ᠣᠷᠣᠨ ᠪᠠᠶᠢᠷᠢ ᠲᠠᠢ ᠭᠡᠳᠡᠭ ᠢ ᠢᠮᠠᠭᠲᠠ ᠪᠠᠲᠤ ᠢᠲᠡᠭᠡᠵᠦ᠂ ᠠᠵᠤ ᠦᠢᠯᠡᠰ ᠤᠨ ᠲᠡᠰ ᠳᠡᠪᠰᠢᠬᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠯ᠎ᠠ ᠪᠠᠷ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠴᠢᠳᠠᠮᠠᠭᠠᠢ ᠠᠵᠢᠯᠯᠠᠨ᠂ ᠯᠠᠪᠳᠠᠭᠤᠨ ᠪᠠᠲᠤᠲᠠᠢ ᠠᠵᠢᠯᠯᠠᠵᠤ᠂ ᠪᠠᠭ᠎ᠠ ᠠᠮᠵᠢᠯᠲᠠ ᠶᠢ ᠬᠤᠷᠠᠮᠳᠤᠭᠤᠯᠤᠨ | ᠶᠡᠭᠡ ᠢᠯᠠᠯᠲᠠ ᠪᠣᠯᠭᠠᠬᠤ ᠬᠡᠷᠡᠭᠲᠡᠢ᠃ ︽ᠲᠠᠪᠤ ᠶᠢ ᠦᠨᠳᠦᠰᠦᠨ ᠠᠴᠠ ᠨᠢ ᠪᠡᠶᠡᠯᠡᠭᠦᠯᠬᠦ︾ ᠠᠵᠢᠯᠯᠠᠭ᠎ᠠ ᠳᠤ᠂ ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ | ᠪᠣᠯᠤᠨ ᠬᠠᠮᠢᠶ᠎ᠠ ᠪᠥᠬᠦᠶ ᠨᠢᠭᠡᠴᠢ ᠶᠢᠨ ᠬᠢᠨ ᠬᠦᠯᠢᠶᠡᠬᠦ ᠥᠬᠡᠶ ᠲᠦᠰᠢᠭᠯᠡᠬᠦ ᠥᠬᠡᠶ ᠪᠠᠷ ᠳᠡᠭᠡᠳᠦ ᠱᠠᠲᠤᠨ ᠤ ᠴᠠᠭ ᠤᠨ ᠬᠢᠵᠠᠭᠠᠷ ᠠᠯᠬᠤᠮ ᠳᠠᠷᠠᠭ᠎ᠠ ᠵᠡᠷᠭᠡ | ᠱᠠᠭᠠᠷᠳᠠᠯᠭ᠎ᠠ ᠶᠣᠰᠣᠭᠠᠷ᠂ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠶ ᠳᠤᠨᠢ ᠡᠷᠡᠰ ᠴᠡᠭᠴᠡᠯᠡᠨ | ᠰᠠᠶᠢᠵᠢᠷᠠᠭᠤᠯᠵᠤ᠂ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠤᠳᠤ ᠪᠠᠶᠢᠭ᠎ᠠ ᠡᠬᠢ ᠪᠠᠶᠠᠯᠢᠭ᠂ ᠡᠳ᠋ ᠬᠦᠷᠦᠩᠭᠡ᠂ ᠪᠡᠯᠡ | ᠮᠥᠩᠭᠦ ᠶᠢ ᠦᠨᠡᠨ ᠬᠦ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ᠂ ᠬᠤᠷᠢᠶᠠᠨ ᠠᠪᠴᠢᠷᠠᠭᠰᠠᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠬᠢᠨ ᠨᠡᠶᠢᠳᠬᠡᠵᠦ᠂ | ᠰᠢᠯᠢᠳᠡᠭᠵᠢᠭᠦᠯᠦᠨ ᠲᠤᠬᠢᠷᠠᠭᠤᠯᠵᠤ᠂ ᠨᠢᠭᠡ ᠮᠥᠩᠭᠦ᠂ ᠨᠢᠭᠡ ᠢᠮᠠᠬᠤ ᠶᠢᠨ ᠭᠠᠵᠠᠷ ᠰᠢᠷᠣᠢ ᠶᠢ ᠴᠤ ᠭᠡᠰᠡᠨ ᠬᠠᠮᠤᠭ ᠤᠨ ᠶᠡᠭᠡ ᠦᠷ᠎ᠡ ᠪᠦᠲᠦᠮᠵᠢ ᠲᠠᠢ ᠪᠣᠯᠭᠠᠬᠤ | ᠬᠡᠷᠡᠭᠲᠡᠢ᠃ | ᠬᠤᠷᠠᠯ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠬᠢᠨᠠᠨ | ᠵᠥᠪᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ᠂ ᠠᠷᠭ᠎ᠠ | ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ | ᠲᠣᠭᠲᠠᠭᠰᠠᠨ ᠴᠠᠭ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |