ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2022/10/17
     ᠣᠷᠠᠳ ᠤᠨ ᠡᠮᠦᠨᠡᠲᠤ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠷᠢᠶᠡᠯᠡᠩ ᠳᠤ ᠪᠠᠶᠢᠭ᠎ᠠ ᠨᠠᠰᠤᠲᠠᠶᠢᠴᠤᠳ ᠪᠣᠯᠤᠨ ᠠᠵᠢᠯᠲᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠴᠢᠬᠤᠯᠠ ᠪᠣᠭᠤᠮᠲᠠ ᠶᠢ ᠪᠠᠲᠤ ᠰᠠᠬᠢᠵᠤ᠂ ᠨᠠᠷᠢᠯᠢᠭ ᠬᠠᠮᠢᠶᠠᠷᠤᠯᠲᠠ᠂ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ︽ᠬᠠᠯᠳᠠᠪᠤᠷᠢᠯᠠᠯ ᠥᠬᠡᠶ︾ ᠪᠠᠷ ᠰᠡᠷᠭᠡᠶᠢᠯᠡᠨ ᠡᠵᠡᠮᠳᠡᠵᠦ ᠪᠠᠶᠢᠨ᠎ᠠ᠃

民政局1.jpg

     ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠦᠷᠭᠡᠨ

ᠬᠥᠳᠡᠯᠦᠯᠴᠡᠵᠦ᠂ ᠪᠥᠬᠦ ᠬᠤᠰᠢᠭᠤᠨ ᠤ 10 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠦᠬᠦᠨ ᠢ ᠪᠢᠲᠡᠭᠦᠮᠵᠢᠯᠡᠨ ᠬᠠᠮᠢᠶᠠᠷᠴᠤ᠂

ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠲᠣᠮᠢᠯᠠᠵᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠬᠦᠨ ᠢ ᠪᠢᠲᠡᠭᠦᠮᠵᠢᠯᠡᠨ ᠬᠠᠮᠢᠶᠠᠷᠴᠤ ᠪᠠᠶᠢᠭ᠎ᠠ

ᠪᠠᠶᠢᠳᠠᠯ ᠢ ᠲᠣᠭᠤᠷᠢᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠲᠥᠰᠦᠯ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠢᠴᠢ ᠲᠤᠰᠠᠭᠠᠷᠯᠠᠬᠤ ᠲᠦᠷᠢᠮ ᠢ ᠴᠢᠩᠭ᠎ᠠ

ᠬᠡᠷᠡᠭᠵᠢᠭᠦᠯᠵᠦ᠂ ᠭᠠᠳᠠᠨ᠎ᠠ ᠠᠴᠠ ᠢᠷᠡᠭᠰᠡᠨ ᠡᠳ᠋ ᠪᠣᠳᠠᠰ ᠤᠨ ᠣᠷᠣᠵᠤ ᠭᠠᠷᠬᠤ ᠪᠠ ᠡᠮᠨᠡᠯᠭᠡ ᠠᠴᠠ ᠭᠠᠷᠬᠤ ᠪᠣᠭᠤᠮᠲᠠ ᠶᠢ ᠰᠠᠶᠢᠲᠤᠷ ᠰᠠᠬᠢᠵᠤ᠂ ᠬᠡᠪ ᠤᠨ

ᠠᠷᠢᠭᠤᠳᠬᠠᠯ ᠪᠠ ᠡᠷᠡᠭᠦᠯ ᠮᠡᠨᠳᠦ ᠶᠢᠨ ᠬᠢᠨᠠᠨ ᠬᠡᠮᠵᠢᠬᠦ ᠠᠵᠢᠯ ᠢ ᠰᠠᠶᠢᠲᠤᠷ ᠬᠢᠪᠠ᠃

     ᠡᠭᠦᠨ ᠠᠴᠠ ᠭᠠᠳᠠᠨ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠣᠳᠠᠲᠠᠶ ᠬᠦᠴᠢᠷᠳᠡᠯ ᠵᠢᠴᠢ ᠬᠡᠷᠡᠭᠴᠡᠭᠡ ᠶᠢ ᠬᠠᠪᠰᠤᠷᠤᠨ ᠰᠢᠢᠳᠪᠦᠷᠢᠯᠡᠵᠦ᠂

ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠨᠠᠰᠤᠲᠠᠨ ᠢ ᠠᠰᠠᠷᠠᠬᠤ ᠬᠦᠷᠢᠶᠡᠯᠡᠩ ᠤᠨ ᠣᠶᠢᠷ᠎ᠠ ᠶᠢᠨ ᠬᠤᠭᠤᠴᠠᠭᠠᠨ ᠤ ᠳᠤᠯᠠᠭᠠᠯᠠᠭ᠎ᠠ᠂

ᠰᠦᠯᠵᠢᠶᠡᠨ ᠳᠡᠭᠡᠷᠡᠬᠢ ᠵᠡᠷᠭᠡ ᠳᠡᠰ ᠤᠨ ᠦᠨᠡᠯᠡᠨ ᠵᠢᠱᠢᠯᠲᠡ᠂ ᠨᠠᠰᠤᠲᠠᠨ ᠤ ᠪᠡᠶ᠎ᠡ ᠮᠠᠬᠠᠪᠣᠳ ᠵᠢᠴᠢ ᠰᠡᠳᠬᠢᠴᠡ ᠶᠢᠨ ᠪᠠᠶᠢᠳᠠᠯ ᠢ ᠣᠶᠢᠯᠠᠭᠠᠵᠤ᠂ ᠣᠨᠴᠠᠭᠠᠶ

ᠪᠠᠶᠢᠳᠠᠯ ᠳᠤ ᠴᠢᠭᠯᠡᠭᠦᠯᠦᠨ ᠤᠴᠢᠷ ᠶᠠᠪᠤᠳᠠᠯ ᠢ ᠨᠢ  ᠰᠢᠢᠳᠪᠦᠷᠢᠯᠡᠵᠦ ᠦᠭᠭᠦᠭᠰᠡᠨ ᠪᠠᠶᠢᠨ᠎ᠠ ᠃

民政局2.jpg

     ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠭᠤᠴᠠᠯᠭ᠎ᠠ ᠪᠠᠨ ᠴᠢᠩᠭᠠᠳᠬᠠᠨ᠂

ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠣ᠂   ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠥᠬᠦ

ᠬᠦᠴᠦᠨ ᠢᠶᠠᠷ ᠢᠶᠠᠨ  ᠬᠠᠮᠠᠭᠠᠯᠠᠵᠤ ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ ᠰᠠᠭᠤᠭᠰᠠᠨ ᠨᠠᠰᠤᠲᠠᠶᠢᠴᠤᠳ ᠲᠤ ᠦᠨᠡᠨ ᠬᠦ ᠠᠮᠤᠷ

ᠲᠦᠪᠰᠢᠨ ᠣᠷᠴᠢᠨ ᠢ ᠬᠠᠩᠭᠠᠬᠤ ᠪᠠᠷ ᠪᠣᠢ᠃

民政局3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ