ᠰᠣᠶᠣᠯᠲᠤ ᠰᠢ ᠰᠢᠶᠣᠣ ᠵᠣᠣ ᠪᠠᠯᠭᠠᠰᠤᠨ ᠤ ᠬᠠᠳᠤᠨ ᠭᠤᠤᠯ ᠤᠨ ᠰᠠᠪᠠ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/10/17
      10 ᠰᠠᠷ᠎ᠠ ᠶᠢᠨ 16 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ  ᠰᠢ ᠰᠢᠶᠣᠣ ᠵᠣᠣ ᠪᠠᠯᠭᠠᠰᠤᠨ ᠤ ᠬᠠᠲᠤᠨ ᠭᠤᠤᠯ ᠤᠨ ᠰᠠᠪᠠ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃       ᠰᠣᠶᠣᠯᠲᠤ ᠨᠠᠷ ᠰᠢ ᠰᠢᠶᠣᠣ ᠵᠣᠣ ᠪᠠᠯᠭᠠᠰᠤᠨ ᠤ ᠶᠢᠨ ᠰᠢᠩ ᠲᠣᠰᠬᠤᠨ ᠤ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ ᠶᠢᠨ ᠵᠠᠭᠪᠤᠷ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠪᠠ᠃ ᠰᠣᠶᠣᠯᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠵᠢᠯ ᠢ ᠬᠦᠢᠴᠡᠳ ᠮᠡᠳᠡᠷᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃

3.jpg

       ᠰᠣᠶᠣᠯᠲᠤ ᠵᠢᠭᠠᠵᠤ ᠭᠠᠷᠭᠠᠭᠰᠠᠨ ᠨᠢ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ ᠪᠦᠬᠦᠯᠢ ᠴᠣᠭᠴᠠ ᠶᠢᠨ ᠲᠥᠯᠥᠪᠵᠢᠭᠦᠯᠭᠡ ᠪᠠᠨ

ᠴᠢᠩᠭᠠᠳᠬᠠᠵᠤ᠂ ᠶᠡᠷᠦᠩᠬᠡᠶ ᠲᠥᠰᠦᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠵᠣᠬᠢᠴᠠᠭᠤᠯᠤᠨ ᠨᠢᠭᠡᠳᠦᠯᠲᠡᠶ ᠲᠥᠯᠥᠪᠵᠢᠭᠦᠯᠬᠦ ᠶᠢ ᠰᠠᠶᠢᠲᠤᠷ ᠬᠢᠵᠦ᠂

ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ︔ ᠬᠤᠯᠪᠣᠭᠳᠠᠯ ᠪᠥᠬᠦᠶ

ᠤᠳᠤᠷᠢᠳᠤᠯᠭ᠎ᠠ ᠪᠡᠶ᠎ᠡ ᠪᠠᠷ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠶᠢ ᠠᠳᠬᠤᠵᠤ᠂ ᠵᠣᠬᠢᠴᠠᠭᠤᠯᠤᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠨ᠂

ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠠᠵᠢᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ  ᠰᠢᠢᠳᠪᠦᠷᠢᠯᠡᠵᠦ᠂

ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠨᠡ ᠬᠦ ᠠᠷᠠᠳ ᠤᠨ ᠰᠡᠳᠬᠢᠯ ᠤᠨ ᠢᠨᠵᠧᠨᠧᠷᠢᠩ ᠢ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠦᠵᠡᠭᠦᠯᠪᠡᠰᠦ ᠵᠣᠬᠢᠬᠤ ᠦᠢᠯᠡᠳᠦᠯ ᠢᠶᠠᠨ ᠡᠷᠲᠡᠬᠡᠨ ᠪᠠᠳᠠᠷᠠᠭᠤᠯᠬᠤ ᠬᠡᠷᠡᠭᠲᠡᠶ ᠭᠡᠵᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠶᠢᠨ ᠲᠥᠷᠥᠯ ᠵᠦᠢᠯ ᠢᠶᠠᠷ ᠲᠠᠪᠴᠠᠩ ᠪᠣᠯᠭᠠᠵᠤ᠂ ᠲᠥᠷᠥᠯ ᠵᠦᠢᠯ ᠢ ᠨᠡᠶᠢᠳᠬᠡᠬᠦ ᠶᠢ ᠴᠢᠩᠭᠠᠳᠬᠠᠨ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ

ᠲᠠᠰᠤᠷᠠᠯᠲᠠ ᠥᠬᠡᠶ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠨ᠂ ᠲᠥᠷᠥᠯ ᠵᠦᠢᠯ ᠤᠨ ᠣᠷᠣᠨ ᠢ

ᠲᠥᠪᠯᠡᠷᠡᠨ ᠵᠠᠯᠭᠠᠯᠳᠤᠭᠰᠠᠨ᠂ ᠲᠥᠬᠦᠭᠡᠷᠦᠮᠵᠢ ᠪᠦᠷᠢᠨ ᠲᠡᠭᠦᠯᠳᠡᠷ᠂ ᠥᠨᠳᠥᠷ ᠲᠣᠭᠲᠠᠭᠤᠨ ᠬᠤᠷᠢᠶᠠᠯᠲᠠ ᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ

ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠴᠠᠭ ᠲᠣᠬᠢᠶᠠᠯ ᠢ ᠠᠮᠵᠢᠵᠤ᠂ ᠪᠠᠷᠢᠯᠭ᠎ᠠ ᠶᠢᠨ ᠲᠥᠰᠦᠯ ᠢ

ᠰᠢᠯᠢᠳᠡᠭᠵᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠪᠠᠷᠢᠯᠭ᠎ᠠ ᠶᠢᠨ

ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ

ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯᠤᠨ ᠠᠵᠤ  ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠵᠡᠷᠭᠡ ᠶᠢ ᠣᠷᠭᠠᠨᠢᠭ ᠢᠶᠠᠷ ᠤᠶᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ

ᠲᠡᠭᠦᠯᠳᠡᠷᠵᠢᠭᠦᠯᠵᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ᠂ ᠣᠷᠳᠣ ᠬᠤᠭᠤᠴᠠᠭᠠᠨ ᠤ ᠦᠷ᠎ᠡ ᠪᠦᠲᠦᠮᠵᠢ ᠶᠢ ᠦᠨᠡᠨ ᠬᠦ ᠪᠠᠳᠠᠷᠠᠭᠤᠯᠬᠤ ᠬᠡᠷᠡᠭᠲᠡᠶ ᠬᠡᠰᠡᠨ ᠪᠠᠶᠢᠨ᠎ᠠ᠃

      ᠰᠣᠶᠣᠯᠲᠤ ᠢᠯᠡᠷᠬᠡᠶᠢᠯᠡᠬᠦ ᠳᠡᠭᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠣᠰ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠪᠠᠷ ᠲᠣᠬᠢᠶᠠᠯ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠴᠢᠩᠭᠠᠳᠬᠠᠨ᠂

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠯᠠᠭ᠎ᠠ ᠮᠥᠴᠢᠷ ᠤᠨ

ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠴᠢᠨᠠᠷ

ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠡᠶ᠃

       ᠬᠤᠰᠢᠭᠤᠨ ᠤ ᠤᠳᠤᠷᠢᠳᠤᠯᠭ᠎ᠠ ᠱᠢ ᠸᠠᠩ ᠴᠢᠩ᠂ ᠯᠢᠦ ᠶᠤᠸᠠᠢ ᠮᠢᠩ᠂ ᠹᠠᠨ ᠵᠢᠶᠦ᠋ᠨ ᠬᠤᠢ ᠵᠢᠴᠢ  ᠰᠢ ᠰᠢᠶᠣᠣ ᠵᠤᠤ ᠪᠠᠯᠭᠠᠰᠤ᠂ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ

ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ