ᠤᠷᠠᠳ ᠤᠨ ᠡᠮᠦᠨᠡᠲᠦ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/10/17
    10 ᠰᠠᠷ᠎ᠠ ᠶᠢᠨ 16 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ  ᠬᠤᠷᠠᠯᠳᠣᠪᠠ᠃

微信图片_20221017102818.jpg

      ᠬᠤᠰᠢᠭᠤᠨ ᠤ ᠤᠳᠤᠷᠢᠳᠤᠯᠭ᠎ᠠ ᠱᠢ ᠸᠠᠩ ᠴᠢᠩ᠂ ᠰᠠᠷᠠᠨᠴᠡᠴᠡᠭ᠂ ᠤᠶᠤᠨ᠎ᠠ᠂  ᠣᠷᠢᠬᠠᠨ᠂ ᠭᠤᠤ ᠯᠸᠢ᠂  ᠰᠦ᠋ ᠴᠠᠩ᠂  ᠪᠠᠶᠠᠨᠪᠢᠯᠢᠭ᠌᠂ ᠵᠠᠩ ᠰᠢᠶᠤᠤ

ᠳ᠋ᠦᠩ᠂ ᠹᠠᠨ ᠵᠢᠶᠦ᠋ᠨ ᠬᠤᠢ᠂ ᠼᠤᠤ ᠳ᠋ᠦᠩ᠂ ᠪᠠᠢ ᠸᠧᠨ ᠯᠢᠶᠠᠩ᠂ ᠵᠠᠩ ᠶᠤᠸᠠᠢ ᠶᠢᠩ᠂ ᠭᠡᠷᠡᠯ ᠵᠢᠴᠢ ᠬᠡᠰᠡᠭ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ

ᠬᠤᠷᠠᠯ ᠳᠤ ᠣᠷᠣᠯᠴᠠᠪᠠ᠃

      ᠬᠤᠷᠠᠯ ᠳᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠱᠠᠯᠠᠪᠳᠠᠭᠤᠯᠤᠨ

ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠰ ᠲᠣᠰ ᠬᠠᠷᠢᠭᠤ ᠮᠡᠳᠡᠭᠦᠯᠵᠦ᠂ ᠣᠳᠣᠬᠠᠨ ᠤ ᠡᠯ᠎ᠡ  ᠵᠦᠢᠯ ᠤᠨ ᠠᠵᠢᠯ ᠳᠤ

ᠣᠷᠣᠰᠢᠵᠤ ᠪᠠᠶᠢᠭ᠎ᠠ ᠬᠦᠴᠢᠷᠳᠡᠯ ᠢ ᠵᠠᠳᠠᠯᠵᠤ᠂  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ

ᠪᠠᠶᠢᠷᠢᠯᠠᠭᠤᠯᠪᠠ᠃

微信图片_20221017102825.jpg

       ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠡᠯ᠎ᠡ

ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠲᠠᠶᠢᠪᠤᠰᠢᠷᠠᠨ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠬᠠᠮᠰᠠᠷ ᠢ

ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠭᠤᠤᠯᠳᠠᠯᠭ᠎ᠠ ᠲᠠᠢ ᠭᠠᠵᠠᠷ

ᠣᠷᠣᠨ ᠤ ᠬᠥᠮᠦᠰ᠂ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂  ᠲᠠᠩᠰᠠ ᠲᠡᠮᠳᠡᠭᠯᠡᠯ ᠢ

ᠤᠯᠠᠮ ᠴᠢᠨᠠᠭᠰᠢᠳᠠ ᠪᠠᠶᠢᠭᠤᠯᠵᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠨᠣᠪᠴᠢᠲᠠᠶ ᠪᠠᠷ ᠰᠡᠷᠭᠡᠶᠢᠯᠡᠨ ᠡᠵᠡᠮᠳᠡᠬᠦ ᠶᠢ ᠦᠨᠡᠨ ᠬᠦ

ᠪᠡᠶᠡᠯᠡᠭᠦᠯᠬᠦ ᠬᠡᠷᠡᠭᠲᠡᠶ᠃ ᠡᠯ᠎ᠡ ᠲᠤᠰᠠᠭᠠᠷᠯᠠᠬᠤ ᠪᠠᠭᠤᠳᠠᠯ ᠤᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠳᠠᠭᠠᠭᠠᠴᠢᠯᠠᠨ ᠬᠤᠯᠪᠣᠭᠠᠯᠠᠬᠤ ᠪᠠᠭᠤᠳᠠᠯ ᠤᠨ ᠡᠯ᠎ᠡ ᠵᠦᠢᠯ ᠤᠨ ᠠᠵᠢᠯ ᠢ

ᠪᠡᠶ᠎ᠡ ᠪᠠᠷ ᠢᠶᠠᠨ ᠵᠢᠯᠣᠭᠤᠳᠤᠨ ᠱᠠᠯᠠᠪᠳᠠᠭᠤᠯᠬᠤ ᠬᠡᠷᠡᠭᠲᠡᠶ᠃ ᠲᠤᠰᠠᠭᠠᠷᠯᠠᠬᠤ ᠪᠠᠭᠤᠳᠠᠯ ᠤᠨ ᠠᠵᠢᠯ ᠤᠨ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠲᠤᠰᠠᠭᠠᠷᠯᠠᠬᠤ

ᠪᠠᠭᠤᠳᠠᠯ ᠤᠨ ᠠᠵᠢᠯᠲᠠᠳ ᠲᠤ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠵᠤ᠂ ᠢᠯᠡᠷᠬᠡᠢ ᠬᠦᠨᠳᠦ ᠶᠡᠭᠡ ᠠᠯᠳᠠᠰᠢ ᠭᠠᠷᠭᠠᠭᠰᠠᠨ ᠪᠤᠶᠤ ᠵᠢᠷᠤᠮᠵᠢᠯ ᠦᠭᠡᠢ ᠪᠠᠷ

ᠠᠵᠢᠯᠯᠠᠭᠰᠠᠨ ᠠᠵᠢᠯᠯᠠᠭ᠎ᠠ ᠶᠢ ᠪᠠᠶᠢᠴᠠᠭᠠᠨ ᠳᠤᠳᠤᠯᠠᠵᠤ᠂ ᠴᠠᠭ ᠲᠤᠬᠠᠢ ᠳᠤᠨᠢ ᠰᠠᠨᠠᠭᠤᠯᠤᠨ ᠵᠠᠯᠠᠷᠠᠭᠤᠯᠵᠤ᠂ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠠᠷᠭ᠎ᠠ

ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠳᠡᠭᠡᠳᠦ ᠱᠠᠲᠤᠨ ᠤ ᠰᠢᠮᠳᠠᠭᠤᠯᠤᠨ ᠪᠠᠶᠢᠴᠠᠭᠠᠵᠤ ᠬᠠᠷᠢᠭᠤ

ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠳᠡᠭᠡᠳᠦ ᠱᠠᠲᠤᠨ ᠳᠤ

ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ

ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ

ᠪᠠᠲᠤᠯᠠᠵᠤ᠂ ᠰᠡᠷᠭᠡᠶᠢᠯᠡᠨ ᠡᠵᠡᠮᠳᠡᠬᠦ ᠠᠵᠢᠯ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠬᠡᠰᠡᠨ ᠪᠠᠶᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ