10 ᠰᠠᠷ᠎ᠠ ᠶᠢᠨ 14 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠸᠠᠩ ᠵᠢᠶᠦ᠋ᠨ ᠵᠢᠶᠧ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠ ᠢᠵᠢ ᠪᠦᠷᠢᠨ ᠪᠤᠰᠤ ᠣᠷᠣᠨ ᠰᠠᠭᠤᠴᠠ ᠶᠢ | ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠵᠢᠴᠢ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠸᠠᠩ ᠵᠢᠶᠦ᠋ᠨ ᠵᠢᠶᠧ ᠨᠡᠷ ᠤᠷᠢᠳ ᠬᠤᠵᠢᠳ ᠯᠢᠦᠶ ᠳ᠋ᠤᠤ ᠰᠠᠭᠤᠭᠠᠯᠢ ᠠᠷᠠᠳ ᠤᠨ ᠲᠣᠭᠤᠷᠢᠭ᠂ ᠹᠦ᠋ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠲᠢᠶᠠᠨ | ᠢ ᠰᠢᠨ᠎ᠡ ᠲᠣᠰᠬᠤᠨ᠂ ᠽᠦᠨ ᠷᠦᠩ ᠹᠦ᠋ ᠵᠡᠷᠭᠡ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠤᠬᠠᠶ ᠶᠢᠨ | ᠲᠠᠯᠠᠪᠠᠶ ᠳᠤ ᠬᠦᠷᠴᠦ᠂ ᠣᠳᠣᠬᠠᠨ ᠤ ᠪᠠᠷᠢᠯᠭ᠎ᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠰᠠᠭᠤᠭᠠᠯᠢ ᠠᠷᠠᠳ ᠤᠨ | ᠲᠣᠭᠤᠷᠢᠭ ᠤᠨ ᠬᠤᠭᠤᠯᠠᠶ ᠶᠢᠨ ᠲᠤᠤᠷ ᠢ ᠥᠭᠡᠷᠡᠴᠢᠯᠡᠨ ᠵᠠᠰᠠᠬᠤ᠂ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ | ᠨᠠᠷᠢᠨ ᠣᠶᠢᠯᠠᠭᠠᠵᠤ᠂ ᠡᠯ᠎ᠡ ᠪᠠᠷᠢᠯᠭ᠎ᠠ ᠶᠢᠨ ᠵᠠᠯᠭᠠᠮᠵᠢ ᠠᠬᠢᠴᠠ ᠶᠢᠨ ᠲᠣᠬᠢᠷᠠᠭᠤᠯᠤᠯᠲᠠ ᠵᠢᠴᠢ ᠠᠵᠢᠯ ᠢᠶᠠᠨ ᠳᠠᠭᠤᠰᠬᠠᠬᠤ ᠲᠥᠯᠥᠪᠯᠡᠭᠡ ᠶᠢᠨ ᠴᠠᠭ ᠢ ᠯᠠᠪᠯᠠᠨ | ᠠᠰᠠᠭᠤᠪᠠ᠃ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠸᠠᠩ ᠵᠢᠶᠦ᠋ᠨ ᠵᠢᠶᠧ ᠡᠷᠦᠬᠡ ᠳᠤ ᠬᠦᠷᠴᠦ᠂ ᠰᠠᠭᠤᠭᠠᠯᠢ ᠠᠷᠠᠳ ᠤᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢᠨ ᠲᠤᠬᠠᠶ ᠰᠠᠨᠠᠯ ᠰᠠᠨᠠᠭᠤᠯᠭ᠎ᠠ ᠶᠢ ᠨᠠᠷᠢᠨ ᠠᠰᠠᠭᠤᠵᠤ᠂ ᠬᠤᠯᠪᠣᠭᠳᠠᠯ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠢ ᠣᠯᠠᠨ | ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠪᠣᠳᠠᠲᠤ ᠪᠠᠶᠢᠳᠠᠯ ᠢ ᠦᠨᠳᠦᠰᠦᠯᠡᠨ᠂ ᠪᠠᠷᠢᠯᠭ᠎ᠠ ᠶᠢᠨ ᠲᠥᠰᠦᠯ ᠢᠶᠠᠨ ᠴᠠᠭ | ᠲᠤᠬᠠᠶ ᠳᠤᠨᠢ ᠲᠡᠭᠦᠯᠳᠡᠷᠵᠢᠭᠦᠯᠵᠦ᠂ ᠣᠯᠠᠨ ᠲᠦᠮᠡᠨ ᠤ ᠪᠣᠳᠠᠲᠠᠶ ᠠᠰᠠᠭᠤᠳᠠᠯ ᠢ ᠦᠨᠡᠨ ᠠᠴᠠ ᠵᠥᠪ ᠢ ᠡᠷᠢᠵᠦ ᠰᠢᠢᠳᠪᠦᠷᠢᠯᠡᠬᠦ ᠬᠡᠷᠡᠭᠲᠡᠶ ᠭᠡᠵᠦ ᠵᠠᠬᠢᠪᠠ᠃ | | | | | ᠸᠠᠩ ᠵᠢᠶᠦ᠋ᠨ ᠵᠢᠶᠧ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠬᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ | ᠰᠢᠨᠡᠳᠬᠡᠬᠦ ᠪᠣᠯ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠣᠯᠠᠨ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ | ᠪᠠᠷᠢᠯᠭ᠎ᠠ ᠶᠢᠨ ᠨᠢᠭᠡᠴᠢ ᠨᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠠᠭ ᠤᠨ ᠵᠠᠩᠭᠢᠯᠠᠭ᠎ᠠ ᠴᠡᠭ ᠢ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠤᠤᠷ᠎ᠠ ᠴᠠᠭ ᠨᠡᠮᠡᠵᠦ ᠠᠵᠢᠯᠯᠠᠨ᠂ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠠᠷ ᠢᠯᠴᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠵᠠᠮ ᠢ ᠰᠡᠷᠭᠦᠭᠡᠬᠦ᠂ ᠰᠤᠯᠠ ᠴᠠᠬᠢᠯᠭᠠᠨ ᠢ ᠨᠠᠶᠢᠳᠠᠪᠤᠷᠢᠵᠢᠭᠤᠯᠬᠤ ᠵᠡᠷᠭᠡ ᠰᠠᠭᠤᠷᠢ ᠴᠢᠨᠠᠷᠲᠠᠶ ᠠᠵᠢᠯ ᠢ ᠲᠦᠷᠭᠡᠬᠡᠨ | ᠪᠡᠶᠡᠯᠡᠭᠦᠯᠵᠦ᠂ ᠪᠠᠷᠢᠯᠭ᠎ᠠ ᠶᠢᠨ ᠠᠵᠢᠯ ᠤᠨ ᠣᠯᠠᠨ ᠲᠦᠮᠡᠨ ᠤ ᠬᠡᠪ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ | ᠬᠡᠷᠡᠭᠲᠡᠶ᠃ ᠪᠣᠳᠠᠲᠤ ᠪᠠᠶᠢᠳᠠᠯ ᠳᠤ ᠰᠠᠭᠤᠷᠢᠯᠠᠨ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠰᠣᠨᠣᠰᠤᠨ᠂ | ᠥᠭᠡᠷᠡᠴᠢᠯᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠥᠭᠡᠷᠡᠴᠢᠯᠡᠵᠦ ᠪᠥᠲᠥᠭᠡᠨ ᠪᠠᠶᠢᠭᠤᠯᠬᠤ ᠶᠠᠪᠤᠴᠠ ᠳᠠᠬᠢ ᠪᠣᠭᠤᠮᠢ ᠬᠦᠴᠢᠷ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠬᠡᠷᠡᠭᠲᠡᠶ᠃ ᠥᠭᠡᠷᠡᠴᠢᠯᠡᠨ ᠳᠡᠭᠡᠭᠰᠢᠯᠡᠭᠦᠯᠬᠦ ᠪᠠ ᠴᠢᠳᠠᠪᠬᠢ ᠶᠢ ᠲᠡᠭᠦᠯᠳᠡᠷᠵᠢᠭᠦᠯᠬᠦ ᠶᠢ ᠣᠷᠭᠠᠨᠢᠭ ᠢᠶᠠᠷ | ᠤᠶᠠᠯᠳᠤᠭᠤᠯᠵᠤ᠂ ᠪᠣᠰᠤᠭ᠎ᠠ ᠴᠣᠭᠴᠠ ᠪᠠᠷ ᠰᠠᠶᠢᠵᠢᠷᠠᠭᠤᠯᠬᠤ᠂ ᠵᠠᠮ ᠱᠤᠭᠤᠮ ᠢ ᠡᠮᠬᠢᠯᠡᠬᠦ᠂ ᠲᠥᠬᠦᠭᠡᠷᠦᠮᠵᠢ ᠶᠢ ᠲᠥᠬᠦᠷᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ | ᠨᠢᠭᠡ ᠴᠤᠭᠴᠠᠵᠢᠭᠤᠯᠤᠨ ᠰᠠᠶᠢᠲᠤᠷ ᠠᠳᠬᠤᠵᠤ᠂ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠣᠯᠤᠨ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ | ᠰᠠᠶᠢᠵᠢᠷᠠᠭᠤᠯᠬᠤ ᠬᠡᠷᠡᠭᠲᠡᠢᠭᠡᠵᠦ ᠳᠤᠷᠠᠳᠪᠠ᠃ | ᠳᠠᠷᠠᠭ᠎ᠠ ᠨᠢ᠂ ᠸᠠᠩ ᠵᠢᠶᠦ᠋ᠨ ᠵᠢᠶᠧ ᠨᠡᠷ ᠢᠯᠴᠢ ᠬᠠᠩᠭᠠᠬᠤ ᠺᠣᠮᠫᠠᠨᠢ ᠳᠤ ᠬᠦᠷᠴᠦ᠂ ᠡᠵᠡᠮᠳᠡᠬᠦ ᠲᠥᠬᠦᠭᠡᠷᠦᠮᠵᠢ ᠶᠢᠨ ᠡᠯ᠎ᠡ ᠵᠦᠢᠯ ᠤᠨ ᠠᠵᠢᠯᠯᠠᠭᠠᠨ ᠤ | ᠭᠦᠢᠴᠡᠳᠭᠡᠯ ᠲᠤᠭ᠎ᠠ ᠶᠢ ᠪᠠᠶᠢᠴᠠᠭᠠᠨ ᠦᠵᠡᠵᠦ᠂ ᠤᠰᠤᠨ ᠤ ᠳᠤᠯᠠᠭᠠᠨ ᠤ ᠬᠡᠮᠵᠢᠶ᠎ᠡ ᠵᠢᠴᠢ ᠢᠯᠴᠢ ᠬᠠᠩᠭᠠᠬᠤ ᠰᠢᠰᠲ᠋ᠧᠮ ᠪᠣᠯᠤᠨ ᠲᠥᠬᠦᠭᠡᠷᠦᠮᠵᠢ ᠶᠢᠨ | ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠪᠠ᠃ | ᠸᠠᠩ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠳᠤᠯᠠᠭᠠᠯᠭ᠎ᠠ ᠬᠠᠩᠭᠠᠬᠤ ᠪᠣᠯ ᠣᠳᠣᠬᠠᠨ ᠤ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠶᠡᠭᠡ | ᠶᠠᠪᠤᠳᠠᠯ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠳᠤᠯᠠᠭᠠᠯᠭ᠎ᠠ ᠬᠠᠩᠭᠠᠬᠤ ᠺᠣᠮᠫᠠᠨᠢ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ | ᠲᠣᠬᠢᠷᠠᠭᠤᠯᠤᠨ ᠲᠤᠷᠰᠢᠬᠤ ᠠᠵᠢᠯ ᠢ ᠤᠯᠠᠮ ᠨᠢᠭᠡ ᠠᠯᠬᠤᠮ ᠲᠦᠷᠭᠡᠳᠬᠡᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠠᠵᠢᠯ ᠤᠨ | ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠴᠢᠩᠭᠠᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠠᠶᠤᠯ ᠦᠭᠡᠶ ᠶᠢᠨ ᠦᠵᠡᠯ | ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ᠂ ᠢᠯᠴᠢ | ᠬᠠᠩᠭᠠᠬᠤ ᠰᠠᠭᠠᠳ ᠭᠠᠷᠪᠠᠯ ᠲᠡᠷᠡ ᠳᠠᠷᠤᠶ ᠳᠤᠨᠢ ᠪᠠᠶᠢᠴᠠᠭᠠᠨ ᠵᠠᠰᠠᠬᠤ᠂ ᠭᠤᠤᠯ ᠲᠥᠬᠦᠭᠡᠷᠦᠮᠵᠢ ᠶᠢ ᠲᠣᠭᠲᠠᠭᠤᠨ ᠢᠶᠠᠷ ᠠᠵᠢᠯᠯᠠᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠨᠡᠭᠦᠷᠡᠰᠦ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠲᠣᠭᠲᠠᠭᠤᠨ ᠢᠶᠠᠷ ᠢᠯᠴᠢ ᠬᠠᠩᠭᠠᠬᠤ ᠶᠢ ᠡᠷᠡᠰ ᠪᠠᠲᠤᠯᠠᠵᠤ᠂ ᠪᠥᠬᠦ ᠬᠤᠰᠢᠭᠤᠨ ᠤ ᠣᠯᠠᠨ | ᠲᠦᠮᠡᠨ ᠢ ᠰᠠᠨᠠᠭ᠎ᠠ ᠠᠮᠤᠷ ᠡᠪᠦᠯᠵᠢᠭᠦᠯᠬᠦ ᠬᠡᠷᠡᠭᠲᠡᠶ ᠭᠡᠪᠡ᠃ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠼᠤᠤ ᠳ᠋ᠦᠩ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ |