8 ᠵᠢᠯ ᠳᠤ 9899 ᠲᠦᠮᠡ ᠠᠴᠠ 0 ᠪᠣᠯᠵᠠᠢ︕
ᠨᠡᠶᠢᠲᠡᠯᠡᠭᠰᠡᠨ ᠴᠠᠭ᠄
2022/10/17
     2012 ᠣᠨ ᠳᠤ᠂ ᠮᠠᠨ ᠤ ᠤᠯᠤᠰ ᠲᠤ 832 ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠰᠢᠶᠠᠨ ᠪᠠᠶᠢᠵᠠᠢ᠃ ᠵᠥᠪᠬᠡᠨ 8 ᠵᠢᠯ ᠳᠤ 832 ᠶᠠᠳᠠᠭᠤ ᠬᠦᠴᠢᠷᠳᠡᠯᠲᠡᠢ  ᠰᠢᠶᠠᠨ ᠢ  ᠪᠦᠬᠦᠨ ᠢ  ᠶᠠᠳᠠᠭᠤ ᠠᠴᠠ  ᠠᠩᠭᠢᠵᠢᠷᠠᠭᠤᠯᠵᠤ  ᠬᠥᠳᠡᠭᠡ  ᠲᠣᠰᠬᠤᠨ ᠤ  ᠶᠠᠳᠠᠭᠤ  ᠬᠦᠴᠢᠷᠳᠡᠯᠲᠡᠢ ᠬᠥᠮᠦᠨ ᠠᠮᠠ 2012 ᠣᠨ ᠳᠤ 9899  ᠲᠦᠮᠡᠨ ᠬᠥᠮᠦᠨ ᠪᠠᠶᠢᠭᠰᠠᠨ ᠠᠴᠠ ᠪᠠᠨ ᠵᠢᠯ ᠳᠠᠷᠠᠭᠠᠯᠠᠨ ᠬᠠᠰᠤᠭᠳᠠᠵᠤ᠂ 2020 ᠣᠨ ᠳᠤ ᠲᠤᠶᠢᠯ ᠤᠨ ᠶᠠᠳᠠᠭᠤ ᠬᠦᠴᠢᠷᠳᠡᠯᠲᠡᠢ ᠬᠥᠮᠦᠨ ᠠᠮᠠ ︽ᠲᠡᠭ︾ ᠪᠣᠯᠤᠭᠰᠠᠨ ᠪᠠᠶᠢᠨ᠎ᠠ᠃            ᠡᠭᠦᠨ ᠤ ᠬᠠᠮᠲᠤ᠂ ᠳᠤᠮᠳᠠᠳᠤ ᠶᠢᠨ ᠡᠬᠡ ᠭᠠᠵᠠᠷ ᠳᠡᠭᠡᠷ᠎ᠡ ᠪᠠᠰᠠ ᠨᠢᠭᠡ ᠤᠳᠠᠭᠠᠨ ᠤ  ᠯᠤᠲᠤ  ᠶᠡᠭᠡ  ᠬᠤᠪᠢᠷᠠᠯᠲᠠ ᠭᠠᠷᠪᠠ᠄ ᠤᠨᠳᠤᠤ ᠭᠠᠵᠠᠷ ᠲᠤ ᠨᠡᠭᠦᠯᠭᠡᠬᠦ ᠂ ᠠᠮᠢ ᠠᠬᠤᠶ ᠪᠠᠷ ᠶᠠᠳᠠᠭᠤ ᠶᠢ ᠲᠡᠳᠬᠦᠬᠦ᠂ ᠵᠠᠮ ᠵᠠᠰᠠᠵᠤ ᠬᠥᠭᠦᠷᠭᠡ ᠲᠠᠯᠪᠢᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠡᠬᠦ ᠮᠡᠲᠦ ᠪᠠᠷ᠂  ︽ᠠᠷᠭᠠᠯ  ᠦᠭᠬᠦ  ᠪᠢᠰᠢ᠂ ᠠᠷᠤᠭ  ᠡᠬᠦᠷᠦᠬᠦᠯᠵᠦ︾᠂  ᠮᠠᠨ ᠤ ᠤᠯᠤᠰ ᠤᠨ ᠶᠠᠳᠠᠭᠤ ᠶᠢ ᠲᠡᠳᠬᠦᠬᠦ  ᠨᠢ ᠲᠤᠬᠠᠶ ᠶᠢᠨ ᠭᠠᠵᠠᠷ ᠣᠷᠣᠨ ᠤ  ᠪᠠᠶᠢᠳᠠᠯ᠂  ᠲᠤᠬᠠᠶ ᠶᠢᠨ ᠬᠥᠮᠦᠨ ᠤ  ᠪᠠᠶᠢᠳᠠᠯ᠂ ᠲᠤᠬᠠᠶ ᠶᠢᠨ ᠴᠠᠭ ᠤᠨ ᠪᠠᠶᠢᠳᠠᠯ ᠳᠤ ᠲᠣᠬᠢᠷᠠᠵᠠᠢ᠃ ᠳᠡᠯᠡᠬᠡᠶ ᠶᠢᠨ ᠪᠠᠩᠬᠢ ᠶᠢᠨ  ᠲᠤᠭ᠎ᠠ  ᠪᠠᠷᠢᠮᠲᠠ ᠳᠤ ᠢᠯᠡᠷᠡᠭᠦᠯᠦᠭᠰᠡᠨ ᠢᠶᠠᠷ᠂ ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ  ᠴᠥᠭᠡᠳᠬᠡᠬᠦ ᠶᠢᠨ ᠳᠡᠯᠡᠬᠡᠶ ᠶᠢᠨ  ᠶᠠᠳᠠᠭᠤ  ᠬᠦᠴᠢᠷᠳᠡᠯᠲᠡᠶ ᠬᠥᠮᠦᠨ ᠠᠮᠠ ᠶᠢ ᠴᠥᠭᠡᠳᠬᠡᠬᠦ ᠳᠤ ᠦᠵᠡᠭᠦᠯᠦᠭᠰᠡᠨ ᠬᠤᠪᠢ ᠨᠡᠮᠡᠷᠢ ᠶᠢᠨ  ᠨᠣᠷᠮ᠎ᠠ  70  % ᠶᠢ  ᠳᠠᠪᠠᠵᠤ᠂ 10 ᠵᠢᠯ ᠤᠷᠢᠳᠴᠢᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠥᠭᠡᠳᠬᠡᠬᠦ ᠬᠠᠷᠠᠯᠲᠠ ᠪᠠᠨ ᠪᠡᠶᠡᠯᠡᠭᠦᠯᠪᠡ ᠭᠡᠵᠡᠢ᠃              ᠶᠠᠳᠠᠭᠤ ᠠᠴᠠ ᠠᠩᠭᠢᠵᠢᠷᠠᠭᠤᠯᠬᠤ ᠨᠢ ᠡᠴᠦᠰ ᠤᠨ ᠴᠡᠭ ᠪᠢᠰᠢ ᠬᠠᠷᠢᠨ  ᠰᠢᠨ᠎ᠡ  ᠠᠮᠢᠳᠤᠷᠠᠯ᠂  ᠰᠢᠨ᠎ᠡ  ᠲᠡᠮᠡᠴᠡᠯ ᠤᠨ ᠭᠠᠷᠤᠭ᠎ᠠ ᠪᠣᠯᠤᠨ᠎ᠠ᠂ ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ  ᠳᠤᠮᠳᠠᠳᠤ  ᠤᠯᠤᠰ ᠤᠨ  ᠠᠷᠠᠳ  ᠲᠦᠮᠡᠨ ᠢ  ᠨᠢᠭᠡ ᠶᠢ  ᠴᠦ ᠣᠷᠬᠢᠭᠳᠠᠭᠤᠯᠬᠤ ᠦᠭᠡᠢ ᠶᠤᠮ᠃
ᠢᠷᠡᠯᠲᠡ᠄ ᠠᠷᠠᠳ ᠤᠨ ᠰᠦᠯᠵᠢᠶ᠎ᠡ