11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠨᠡᠬᠦ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2022/10/17
     ᠤᠯᠤᠰ ᠤᠨ ᠰᠠᠩ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠄  2022 ᠣᠨ ᠤ ᠦᠢᠯᠡᠴᠢᠯᠡᠭᠡᠨ ᠤ ᠠᠵᠦ ᠣᠶᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ  ᠬᠤᠪᠢ ᠶᠢᠨ  ᠣᠶᠢᠯᠡᠳᠪᠣᠷᠢ  ᠬᠤᠳᠠᠯᠳᠤᠭᠠᠨ ᠤ ᠡᠷᠦᠬᠡ ᠶᠢᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠠᠵᠢᠯ ᠢ ᠤᠯᠠᠮ ᠨᠢᠭᠡ ᠠᠯᠬᠤᠮ  ᠰᠠᠶᠢᠲᠤᠷ ᠬᠢᠬᠦ ᠬᠡᠷᠡᠭᠲᠠᠢ               ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠰᠠᠩ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠦᠨᠦᠬᠡᠨ ︽2022 ᠣᠨ ᠤ ᠣᠶᠢᠯᠡᠴᠢᠯᠡᠭᠡᠨ ᠤ ᠠᠵᠦ ᠣᠶᠢᠯᠡᠰ ᠤᠨ ᠵᠢᠵᠢᠭ  ᠪᠢᠴᠢᠯ  ᠠᠵᠤ ᠠᠬᠤᠶᠢᠯᠠᠯ ᠪᠠ ᠬᠤᠪᠢ ᠶᠢᠨ ᠣᠶᠢᠯᠡᠳᠪᠣᠷᠢ ᠬᠤᠳᠠᠯᠳᠤᠭᠠᠨ ᠤ ᠡᠷᠦᠬᠡ ᠶᠢᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ ᠡᠯ᠎ᠡ ᠲᠥᠪ ‍ᠤᠨ‌ᠠᠵᠤ ᠠᠬᠤᠶᠢᠯᠠᠯ ᠪᠠ ᠣᠷᠣᠨ ᠨᠤᠲᠤᠭ ᠤᠨ ᠤᠯᠤᠰ ᠤᠨ ᠦᠮᠴᠢᠯᠡᠯᠳᠤ ᠠᠵᠤ ᠠᠬᠤᠶᠢᠯᠠᠯ  ᠳᠤ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃              ᠲᠥᠷᠥ ᠶᠢᠨ ᠪᠣᠳᠣᠯᠭ᠎ᠠ ᠶᠢᠨ  ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ  ᠴᠢᠩᠭᠠᠳᠬᠠᠵᠤ᠂ ᠬᠠᠰᠤᠪᠠᠰᠤ ᠵᠣᠬᠢᠬᠤ ᠶᠢ ᠨᠢ ᠲᠦᠷᠭᠡᠨ ᠬᠠᠰᠤᠵᠤ᠂ ᠴᠢᠳᠠᠬᠤ ᠶᠢᠨ ᠳᠣᠲᠣᠷ᠎ᠠ ᠬᠠᠰᠤᠬᠤ ᠶᠢ ᠦᠨᠡᠨ ᠬᠦ ᠪᠠᠲᠤᠯᠠᠵᠤ᠂ ᠲᠥᠪ ᠤᠨ ᠡᠯ᠎ᠡ ᠠᠵᠤ ᠠᠬᠤᠶᠢᠯᠠᠯ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ  ᠨᠡᠶᠢᠳᠡᠮ ᠳᠡᠭᠡᠨ 3  ᠰᠠᠷ᠎ᠠ ᠶᠢᠨ  ᠲᠦᠷᠢᠶᠡᠰᠦᠨ  ᠮᠥᠩᠭᠦ ᠶᠢ ᠬᠠᠰᠤᠵᠤ ᠬᠡᠯᠲᠦᠷᠢᠭᠦᠯᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂  ᠪᠠᠶᠢᠭ᠎ᠠ ᠰᠢᠶᠠᠨ ᠤ  ᠱᠠᠲᠤᠨ ᠤ ᠵᠠᠰᠠᠭ  ᠵᠠᠬᠢᠷᠭᠠᠨ ᠤ ᠣᠷᠣᠨ ᠳᠤ ᠬᠢᠵᠢᠭ ᠤᠨ ᠪᠠᠶᠢᠳᠠᠯ ᠳᠤᠮᠳᠠ ᠶᠡᠭᠡ ᠲᠦᠭᠰᠢᠭᠦᠷᠢᠲᠡᠶ ᠭᠠᠵᠠᠷ ᠣᠷᠣᠨ ᠢᠯᠡᠷᠡᠭᠰᠡᠨ ᠤ ᠳᠠᠷᠠᠭ᠎ᠠ 2 ᠰᠠᠷ᠎ᠠ ᠶᠢᠨ ᠳᠣᠲᠣᠷ᠎ᠠ 3 ᠰᠠᠷ᠎ᠠ ᠶᠢᠨ ᠲᠦᠷᠢᠶᠡᠰᠦᠨ ᠮᠥᠩᠭᠦ ᠶᠢ ᠨᠥᠬᠦᠵᠦ ᠬᠠᠰᠤᠵᠤ ᠬᠡᠯᠲᠦᠷᠢᠭᠦᠯᠬᠦ ᠡᠭᠦᠷᠭᠡ ᠶᠢ ᠪᠡᠶᠡᠯᠡᠭᠦᠯᠬᠦ ᠬᠡᠷᠡᠭᠲᠡᠶ᠃             ᠲᠦᠷᠢᠶᠡᠰᠦ  ᠬᠥᠩᠭᠡᠯᠡᠬᠦ  ᠠᠵᠢᠯ ᠢ  ᠵᠢᠷᠤᠮᠵᠢᠭᠤᠨ ᠪᠥᠭᠡᠳ ᠡᠮᠬᠢ ᠵᠢᠷᠤᠮ ᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠶᠢᠨ ᠲᠤᠯᠠᠲᠠ᠂ ᠲᠥᠪ ᠤᠨ ᠡᠯ᠎ᠡ ᠠᠵᠤ ᠠᠬᠤᠶᠢᠯᠠᠯ ᠪᠠ ᠣᠷᠣᠨ ᠨᠤᠲᠤᠭ ᠤᠨ ᠤᠯᠤᠰ ᠤᠨ ᠦᠮᠴᠢᠯᠡᠯᠳᠤ ᠠᠵᠤ  ᠠᠬᠤᠶᠢᠯᠠᠯ ᠤᠳ ᠬᠢᠨᠠᠯᠲᠠ ᠲᠠᠯᠪᠢᠵᠤ  ᠪᠠᠶᠢᠴᠠᠭᠠᠬᠤ ᠲᠣᠭᠲᠠᠴᠠ  ᠪᠠᠶᠢᠭᠤᠯᠵᠤ᠂  ᠬᠠᠷᠢᠶ᠎ᠠ ᠠᠵᠤ ᠠᠬᠤᠶᠢᠯᠠᠯ ᠤᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ  ᠲᠥᠷᠥ ᠶᠢᠨ  ᠪᠣᠳᠣᠯᠭ᠎ᠠ ᠶᠢ  ᠬᠢᠨᠠᠮᠠᠭᠠᠶ ᠨᠠᠶᠢᠳᠠᠪᠤᠷᠢᠵᠢᠭᠤᠯᠬᠤ ᠶᠢ ᠰᠢᠪᠠᠳᠠᠨ ᠵᠢᠯᠣᠭᠤᠳᠴᠤ᠂ ᠵᠠᠭᠠᠯᠳᠤᠯᠭ᠎ᠠ ᠪᠠ ᠵᠥᠪᠯᠡᠯᠭᠡ ᠥᠭᠬᠦ ᠠᠷᠭ᠎ᠠ  ᠵᠠᠮ ᠢ  ᠰᠠᠭᠠᠳ  ᠥᠬᠡᠶ ᠨᠡᠪᠲᠡᠷᠡᠭᠦᠯᠵᠦ᠂ ᠠᠰᠠᠭᠤᠳᠠᠯ ᠤᠨ ᠰᠦᠪᠡᠭᠴᠢ ᠶᠢ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠲᠦᠷᠢᠶᠡᠰᠦᠯᠡᠭᠴᠢ ᠶᠢᠨ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠬᠦ ᠶᠢᠨ ᠬᠠᠮᠲᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠶ ᠭᠡᠵᠦ ᠮᠡᠳᠡᠭᠳᠡᠯ ᠳᠤ ᠲᠣᠳᠣᠷᠬᠠᠶ ᠱᠠᠭᠠᠷᠳᠠᠪᠠ᠃
ᠢᠷᠡᠯᠲᠡ᠄ ᠠᠷᠠᠳ ᠤᠨ ᠰᠦᠯᠵᠢᠶ᠎ᠡ