ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ᠢᠶᠠᠷ᠂ ᠲᠤᠭᠲᠠᠭᠰᠠᠨ ᠴᠡᠭ ᠤᠨ | ᠡᠮᠴᠢᠯᠡᠭᠡᠨ ᠤ ᠪᠠᠶᠢᠭᠤᠯᠤᠮᠵᠢ ᠶᠢᠨ ᠣᠷᠣᠯᠠᠨ ᠲᠦᠯᠦᠪᠦᠷᠢᠯᠡᠬᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠲᠦᠷᠦᠬᠦᠭᠡᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠣᠰ ᠵᠢᠯ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠤᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠳᠤ 8306 ᠲᠦᠮᠡᠨ ᠲᠥᠭᠦᠷᠢᠭ ᠤᠨ ᠡᠷᠭᠢᠯᠲᠡ ᠶᠢᠨ ᠮᠥᠩᠭᠦ ᠤᠷᠢᠳᠴᠢᠯᠠᠨ ᠥᠭᠭᠦᠭᠰᠡᠨ ᠰᠠᠭᠤᠷᠢᠨ ᠳᠡᠭᠡᠷ᠎ᠡ᠂ ᠬᠥᠬᠡᠬᠤᠲᠠ ᠶᠢᠨ ᠴᠢᠩᠬᠡᠯᠢᠭ | ᠡᠮᠨᠡᠯᠭᠡ ᠶᠢᠨ ᠬᠤᠷᠢᠶ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ | ᠲᠤᠭᠲᠠᠭᠰᠠᠨ ᠡᠮᠨᠡᠯᠭᠡ ᠶᠢᠨ ᠬᠤᠷᠢᠶ᠎ᠠ ᠪᠣᠯᠬᠤ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ 1000 ᠲᠦᠮᠡᠨ ᠲᠥᠭᠦᠷᠢᠭ ᠢ ᠤᠷᠢᠳᠴᠢᠯᠠᠨ | ᠪᠠᠭᠤᠯᠭᠠᠵᠤ᠂ ᠲᠤᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠵᠤ | ᠪᠣᠢ᠃ |