ᠢᠳᠡᠭᠡᠨ ᠤ ᠠᠮᠤᠷ ᠲᠦᠪᠰᠢᠨ ᠲᠠᠢ ᠬᠤᠯᠪᠣᠭᠳᠠᠨ᠎ᠠ︕ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/10/17
      ᠰᠤᠷᠪᠤᠯᠵᠢᠯᠠᠭᠴᠢ ᠣᠶᠢᠷ᠎ᠠ ᠳᠤ ᠵᠠᠬ᠎ᠠ  ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠶᠡᠷᠦᠩᠬᠡᠶ  ᠲᠣᠪᠴᠢᠶ᠎ᠠ ᠠᠴᠠ ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠶᠡᠷᠦᠩᠬᠡᠶ  ᠲᠣᠪᠴᠢᠶ᠎ᠠ ᠠᠴᠠ  ᠳᠠᠷᠤᠮᠠᠯᠯᠠᠨ ᠲᠠᠷᠬᠠᠭᠠᠭᠰᠠᠨ ︽ᠢᠳᠡᠭᠡᠨ ᠤ  ᠬᠤᠯᠪᠣᠭᠳᠠᠯ  ᠪᠥᠬᠦᠶ  ᠣᠶᠢᠯᠡᠳᠬᠦᠨ ᠤ  ᠶᠠᠰᠤ  ᠴᠢᠨᠠᠷ ᠤᠨ  ᠠᠮᠤᠷ  ᠲᠦᠪᠰᠢᠨ ᠤ  ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ  ᠡᠬᠢᠯᠡᠵᠦ ᠬᠡᠷᠡᠭᠵᠢᠭᠦᠯᠦᠨ᠎ᠡ᠃               ᠲᠦᠷ ᠬᠡᠷᠡᠭᠵᠢᠭᠦᠯᠬᠦ ᠠᠷᠭ᠎ᠠ ᠳᠤ  ᠲᠤᠲᠤᠷᠬᠠᠢ  ᠲᠤᠷᠠᠳᠤᠭᠰᠠᠨ  ᠨᠢ᠂  ᠦᠢᠯᠡᠳᠪᠤᠷᠢᠯᠡᠭᠴᠢ  ᠪᠣᠷᠣᠯᠠᠭᠤᠯᠤᠭᠴᠢ ᠶᠢᠨ ︽ᠨᠢᠭᠡᠳᠦᠭᠡᠷ  ᠬᠠᠷᠢᠭᠤᠴᠠᠯᠭ᠎ᠠ  ᠡᠭᠦᠷᠭᠡᠯᠡᠭᠴᠢ︾ ᠶᠢᠨ ᠭᠤᠣᠯ  ᠬᠠᠷᠢᠭᠤᠴᠠᠯᠭ᠎ᠠ ᠪᠠ  ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠢᠯᠡᠳᠪᠦᠷᠢᠯᠡᠭᠴᠢ ᠳᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠯᠲᠠ ᠲᠠᠯᠪᠢᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ  ᠲᠠᠯᠪᠢᠭᠴᠢ ᠲᠣᠬᠢᠷᠠᠭᠤᠯᠬᠤ ᠶᠢ ᠱᠠᠭᠠᠷᠳᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠵᠠᠰᠠᠭ‌‍ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂  ᠶᠡᠷᠦᠩᠬᠡᠶᠢᠯᠡᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠰᠢᠭᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠳᠡᠭᠡᠨ ᠤ ᠬᠠᠮᠢᠶ᠎ᠠ  ᠪᠦᠬᠦᠢ  ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠭᠦᠢᠴᠡᠳ ᠪᠠᠲᠤᠯᠠᠬᠤ ᠬᠡᠷᠡᠭᠲᠡᠶ᠃ ᠣᠶᠢᠯᠡᠳᠪᠣᠷᠢᠯᠡᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ  ᠪᠠᠶᠢᠴᠠᠭᠠᠬᠤ ᠲᠠᠯ᠎ᠠ ᠪᠠᠷ᠂ ᠲᠦᠷ ᠬᠡᠷᠡᠭᠵᠢᠭᠦᠯᠬᠦ ᠠᠷᠭ᠎ᠠ ᠳᠤ ᠣᠶᠢᠯᠡᠳᠪᠣᠷᠢᠯᠡᠬᠦ᠂ ᠬᠠᠳᠠᠭᠠᠯᠠᠬᠤ᠂ ᠪᠣᠭᠤᠳᠠᠯᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠤᠭᠰᠠᠨ ᠢᠳᠡᠭᠡᠨ ᠤ  ᠬᠠᠮᠢᠶ᠎ᠠ ᠪᠥᠬᠦᠶ  ᠪᠦᠲᠦᠭᠡᠭᠳᠡᠬᠦᠨ ᠤ ᠣᠶᠢᠯᠡᠳᠪᠣᠷᠢᠯᠡᠯ ᠤᠨ ᠪᠥᠬᠦ ᠶᠠᠪᠤᠴᠠ ᠳᠤ ᠡᠵᠡᠮᠳᠡᠬᠦ ᠲᠦᠷᠢᠮ ᠢ ᠪᠠᠶᠢᠭᠤᠯᠤᠨ᠎ᠠ᠃ ᠣᠶᠢᠯᠡᠳᠪᠣᠷᠢᠯᠡᠭᠴᠢ  ᠳᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠬᠠᠮᠢᠶᠠᠷᠤᠯᠲᠠ᠂ ᠣᠶᠢᠯᠡᠳᠪᠣᠷᠢᠯᠡᠯ ᠤᠨ ᠵᠠᠩᠭᠢᠯᠠᠭ᠎ᠠ ᠶᠢᠨ ᠴᠡᠭ ᠢ ᠡᠵᠡᠮᠳᠡᠬᠦ᠂  ᠣᠶᠢᠯᠡᠳᠪᠣᠷᠢ  ᠠᠴᠠ ᠭᠠᠷᠬᠤ ᠶᠢ ᠰᠢᠯᠭᠠᠨ ᠪᠠᠶᠢᠴᠠᠭᠠᠵᠤ ᠡᠵᠡᠮᠳᠡᠬᠦ  ᠵᠡᠷᠭᠡ ᠬᠠᠮᠢᠶᠠᠷᠤᠯᠲᠠ ᠶᠢᠨ ᠲᠦᠷᠢᠮ ᠵᠢᠴᠢ ᠡᠵᠡᠮᠳᠡᠬᠦ ᠠᠷᠭ᠎ᠠ ᠬᠡᠮᠵᠢᠶ᠎ᠡ  ᠭᠠᠷᠭᠠᠬᠤ ᠶᠢ ᠱᠠᠭᠠᠷᠳᠠᠵᠤ᠂ ᠢᠳᠡᠭᠡᠨ ᠤ ᠬᠠᠮᠢᠶ᠎ᠠ ᠪᠥᠬᠦᠶ ᠣᠶᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ  ᠤ ᠮᠥᠷᠳᠡᠨ ᠪᠠᠶᠢᠴᠠᠭᠠᠯᠲᠠ ᠶᠢ ᠪᠡᠶᠡᠯᠡᠭᠦᠯᠵᠦ᠂  ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠨᠡᠮᠡᠯᠲᠡ ᠡᠳ᠋ ᠢ ᠬᠤᠳᠠᠯᠳᠤᠨ ᠠᠪᠬᠤ ᠠᠴᠠ ᠣᠶᠢᠯᠡᠳᠬᠦᠨ  ᠢ ᠪᠣᠷᠣᠯᠠᠭᠤᠯᠬᠤ ᠪᠣᠯᠲᠠᠯᠠᠬᠢ ᠪᠣᠶ ᠪᠥᠬᠦᠶ ᠭᠤᠭᠴᠤᠭ᠎ᠠ ᠶᠢ ᠴᠥᠮ ᠪᠦᠲᠦᠮᠵᠢᠲᠡᠶ ᠡᠵᠡᠮᠳᠡᠬᠦ ᠶᠢ  ᠪᠠᠲᠤᠯᠠᠬᠤ ᠶᠢᠨ  ᠬᠠᠮᠲᠤ᠂  ᠣᠶᠢᠯᠡᠳᠪᠣᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ  ᠢ  ᠴᠠᠭ  ᠲᠤᠬᠠᠶ ᠳᠤᠨᠢ ᠵᠢᠭᠰᠠᠭᠠᠨ ᠪᠠᠶᠢᠴᠠᠭᠠᠬᠤ ᠬᠡᠷᠡᠭᠲᠡᠢ ᠭᠡᠵᠡᠢ᠃  
ᠢᠷᠡᠯᠲᠡ᠄ ᠠᠷᠠᠳ ᠤᠨ ᠰᠦᠯᠵᠢᠶ᠎ᠡ