ᠶᠡᠭᠡ ᠰᠢᠭᠡᠲᠡᠢ ᠪᠠᠯᠭᠠᠰᠤᠨ ᠤ ᠯᠠᠵᠤᠤ ᠪᠦᠬᠦ ᠤᠯᠤᠰ ‍ᠤᠨ‌ᠡᠯ᠎ᠡ ᠭᠠᠵᠠᠷ ᠲᠤ ᠪᠣᠷᠣᠯᠠᠭᠤᠯᠣᠭᠳᠠᠵᠣ ᠪᠠᠶᠢᠨ᠎ᠠ
ᠨᠡᠶᠢᠲᠡᠯᠡᠭᠰᠡᠨ ᠴᠠᠭ᠄
2022/10/18
      ᠡᠨᠡ ᠵᠢᠯ᠂ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤ ᠶᠢᠨ ᠮᠠ ᠪᠦ᠋ ᠽᠢ ᠲᠣᠰᠬᠤᠨ ᠤ ᠶᠦᠨ ᠱᠦᠨ ᠹᠧᠩ ᠲᠠᠷᠢᠶᠠᠯᠠᠩ ᠤᠨ ᠬᠤᠷᠰᠢᠶᠠᠵᠢᠯ ᠤᠨ ᠲᠠᠷᠢᠭᠰᠠᠨ 2300 ᠮᠦ ᠯᠠᠵᠤᠤ ᠡᠯᠪᠡᠭ ᠬᠤᠷᠢᠶᠠᠯᠲᠠ ᠣᠯᠵᠤ᠂ ᠮᠦ ᠪᠦᠷᠢ ᠶᠢᠨ ᠤᠨᠠᠯᠲᠠ ᠨᠢ 3000 ᠵᠢᠩ ᠠᠴᠠ 5000 ᠵᠢᠩ ᠳᠤ ᠬᠦᠷᠴᠡᠢ᠃       ᠯᠠᠵᠤᠤ ᠪᠣᠯ ᠥᠨᠳᠥᠷ ᠪᠦᠲᠦᠮᠵᠢᠲᠡᠶ ᠲᠠᠷᠢᠮᠠᠯ ᠪᠣᠯᠬᠤ ᠮᠥᠨ᠂ ᠪᠠᠰᠠ ᠴᠤ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠦᠢᠯᠡᠰ ᠮᠥᠨ᠂ ᠴᠢᠬᠢ ᠪᠤᠶᠢᠵᠢᠭᠤᠯᠬᠤ᠂ ᠰᠢᠯᠵᠢᠭᠦᠯᠦᠨ ᠵᠠᠶᠢᠯᠠᠬᠤ᠂  ᠣᠰᠣᠯᠠᠵᠤ ᠠᠷᠠᠴᠢᠯᠠᠬᠤ ᠠᠴᠠ ᠠᠪᠤᠭᠠᠳ ᠲᠡᠭᠦᠬᠦ ᠬᠦᠷᠲᠡᠯ᠎ᠡ ᠭᠤᠭᠴᠤᠭ᠎ᠠ ᠨᠢᠭᠡᠪᠦᠷᠢ ᠳᠤ ᠴᠥᠮ ᠶᠡᠭᠡ ᠬᠡᠮᠵᠢᠶᠡᠨ ᠤ ᠬᠥᠳᠡᠯᠮᠦᠷᠢ ᠬᠦᠴᠦ ᠬᠡᠷᠡᠭᠰᠡᠨ᠎ᠡ᠃ ᠯᠠᠵᠤᠤ ᠲᠡᠭᠦᠬᠦ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠶᠦᠨ ᠱᠦᠨ ᠹᠧᠩ ᠲᠠᠷᠢᠶᠠᠯᠠᠩ ᠤᠨ ᠬᠤᠷᠰᠢᠶᠠᠵᠢᠯ ᠤᠨ ᠯᠠᠵᠤᠤ ᠲᠠᠷᠢᠬᠤ ᠰᠠᠭᠤᠷᠢᠨ ᠳᠤ ᠲᠤᠬᠠᠢ ᠶᠢᠨ ᠭᠠᠵᠠᠷ ᠤᠨ ᠬᠥᠯᠥᠰᠥᠨ ᠠᠵᠢᠯᠲᠠᠨ ᠢᠷᠡᠵᠦ ᠠᠵᠢᠯᠯᠠᠨ᠎ᠠ᠃ ︽ᠪᠢᠳᠡ ᠲᠠᠷᠢᠶᠠᠨ ᠠᠵᠢᠯ ᠢᠶᠠᠨ ᠳᠠᠭᠤᠰᠬᠠᠮᠠᠭᠴᠠ ᠠᠳᠡ ᠢᠷᠡᠵᠦ ᠬᠥᠯᠥᠰᠥᠨ ᠠᠵᠢᠯ  ᠬᠢᠳᠡᠭ᠂ ᠡᠳᠦᠷ ᠪᠦᠷᠢ 200 ᠭᠠᠷᠤᠢ ᠲᠥᠭᠦᠷᠢᠭ ᠣᠯᠵᠣ ᠪᠠᠶᠢᠨ᠎ᠠ︾ ᠭᠡᠵᠦ ᠶᠡᠭᠡ ᠰᠢᠭᠡᠲᠡᠢ ᠪᠠᠯᠭᠠᠰᠤᠨ ᠤ ᠮᠠ ᠪᠥᠸᠧ ᠽᠢ ᠬᠤᠶᠠᠳᠤᠭᠠᠷ ᠳᠤᠭᠤᠶᠢᠯᠠᠩ ᠤᠨ ᠲᠣᠰᠬᠤᠨ ᠤ ᠠᠷᠠᠳ ᠵᠠᠩ ᠮᠧᠶ ᠴᠢᠨ ᠬᠡᠯᠡᠪᠡ᠃      ᠯᠠᠵᠤᠤ ᠪᠣᠭᠤᠳᠠᠯᠯᠠᠬᠤ ᠭᠠᠵᠠᠷ ᠲᠤ᠂ ᠬᠥᠯᠥᠰᠥᠨ ᠠᠵᠢᠯᠲᠠᠳ ᠪᠣᠯᠪᠠᠰᠤᠷᠠᠩᠭᠤᠶ ᠪᠠᠷ ᠯᠠᠵᠤᠤ ᠶᠢ ᠢᠯᠭᠠᠨ ᠰᠠᠯᠭᠠᠵᠤ᠂  ᠤᠭᠤᠲᠠ ᠤᠭᠤᠲᠠ ᠰᠣᠷᠭᠤᠭ ᠯᠠᠵᠤᠤ ᠶᠢ ᠡᠯ᠎ᠡ ᠭᠠᠵᠠᠷ ᠲᠤ ᠪᠣᠷᠣᠯᠠᠭᠤᠯᠬᠤ ᠪᠠᠷ ᠪᠡᠯᠡᠳᠬᠡᠵᠦ ᠪᠠᠶᠢᠪᠠ᠃ ᠠᠭᠤᠷ ᠠᠮᠢᠰᠬᠤᠯ᠂ ᠬᠥᠷᠥᠰᠥ ᠰᠢᠷᠣᠢ ᠵᠡᠷᠭᠡ ᠣᠨᠴᠠᠭᠠᠢ ᠪᠠᠶᠢᠭᠠᠯᠢ ᠶᠢᠨ ᠨᠥᠬᠦᠴᠡᠯ ᠪᠠ ᠨᠠᠷᠢᠯᠢᠭ ᠲᠠᠷᠢᠵᠤ ᠨᠢᠮᠪᠠᠢ ᠠᠷᠠᠴᠢᠯᠠᠭᠰᠠᠨ ᠠᠴᠠ ᠲᠣᠰ ᠬᠤᠷᠰᠢᠶᠠᠵᠢᠯ ᠤᠨ ᠦᠢᠯᠡᠳᠪᠦᠷᠢᠯᠡᠭᠰᠡᠨ ᠯᠠᠵᠤᠤ ᠨᠢ ᠮᠠᠰᠢ ᠰᠠᠶᠢᠨ ᠪᠠᠶᠢᠵᠤ᠂ ᠵᠠᠬ᠎ᠠ ᠳᠡᠯᠭᠡᠭᠦᠷ ᠤᠨ ᠬᠦᠷᠢᠶᠡᠯᠡᠯ ᠢ ᠶᠡᠬᠡᠳᠡ ᠣᠯᠪᠠ᠃ ︽ᠥᠪᠥᠷ ᠮᠣᠩᠭᠤᠯ ᠪᠣᠯ ᠯᠠᠵᠤᠤ ᠶᠢᠨ ᠰᠢᠨ᠎ᠡ ᠭᠠᠷᠤᠯᠲᠠ ᠶᠢᠨ ᠣᠷᠣᠨ ᠪᠣᠯᠤᠨ᠎ᠠ᠂ ᠭᠠᠷᠤᠯᠲᠠ᠂ ᠶᠠᠰᠤ ᠴᠢᠨᠠᠷ ᠨᠢ ᠪᠥᠬᠦ ᠤᠯᠤᠰ ᠲᠠᠢ ᠬᠠᠷᠢᠴᠠᠭᠤᠯᠪᠠᠯ ᠨᠡᠯᠢᠶᠡᠳ ᠰᠠᠶᠢᠨ᠂ ᠪᠢᠳᠡ ᠡᠳᠦᠷ ᠪᠦᠷᠢ 100 ᠭᠠᠷᠤᠶ ᠲᠣᠨ ᠬᠤᠷᠢᠶᠠᠵᠤ ᠲᠠᠶᠢᠯᠤᠨ᠎ᠠ︾ ᠭᠡᠵᠦ ᠱᠠᠨᠳᠦ᠋ᠩ ᠤᠨ ᠵᠢᠨᠢᠩ ᠤᠨ ᠬᠤᠳᠠᠯᠳᠤᠭᠠᠴᠢᠨ ᠵᠠᠩ ᠸᠧᠶ ᠱᠦᠨ ᠬᠡᠯᠡᠪᠡ᠃ ᠣᠶᠢᠯᠠᠭᠠᠭᠰᠠᠨ ᠢᠶᠠᠷ᠂ ᠣᠳᠣᠬᠠᠨ ᠳᠤ᠂ ᠶᠦᠨ ᠱᠦᠨ ᠹᠧᠩ ᠲᠠᠷᠢᠶᠠᠯᠠᠩ ᠤᠨ ᠬᠤᠷᠰᠢᠶᠠᠵᠢᠯ ‍ᠤᠨ‌‍ᠲ᠋ᠠᠷᠢᠭᠰᠠᠨ ᠯᠠᠵᠤᠤ ᠨᠢ ᠭᠤᠤᠯᠳᠠᠭᠤ ᠵᠡᠭᠦᠨ ᠬᠤᠶᠢᠲᠤ ᠣᠷᠣᠨ᠂ ᠱᠠᠨᠳᠦ᠋ᠩ᠂  ᠰᠧᠴᠣᠸᠠᠨ᠂ ᠬᠤᠪᠸᠢ ᠵᠡᠷᠭᠡ ᠭᠠᠵᠠᠷ ᠲᠤ  ᠪᠣᠷᠣᠯᠠᠭᠤᠯᠤᠭᠳᠠᠵᠤ ᠪᠠᠶᠢᠨ᠎ᠠ᠃     ᠡᠨᠡ ᠵᠢᠯ᠂ ᠮᠠ ᠪᠦ᠋ ᠽᠢ ᠲᠣᠰᠬᠤᠨ ᠨᠢ ᠶᠡᠭᠡ ᠰᠢᠭᠡᠲᠡᠢ ᠪᠠᠯᠭᠠᠰᠤᠨ ᠤ ᠰᠠᠨ ᠹᠧᠨ ᠽᠢ ᠲᠣᠰᠬᠤᠨ ᠤ ᠯᠠᠵᠤᠤ ᠳᠠᠷᠢᠭᠰᠠᠨ ᠠᠮᠵᠢᠯᠲᠠ ᠲᠠᠢ ᠲᠤᠷᠰᠢᠯᠭ᠎ᠠ ᠪᠠᠷ ᠲᠤᠯᠢ ᠪᠣᠯᠭᠠᠵᠤ᠂ ︽ᠨᠠᠮ ᠤᠨ ᠡᠭᠦᠷ +  ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠵᠠᠭᠪᠤᠷ ᠢ ᠠᠰᠢᠭᠯᠠᠨ᠂ ᠲᠣᠰᠬᠤᠨ ᠤ ᠬᠠᠮᠲᠤ ᠠᠴᠠ 20 ᠲᠦᠮᠡᠨ ᠲᠥᠭᠦᠷᠢᠭ ᠭᠠᠷᠭᠠᠨ ᠬᠤᠪᠢ ᠣᠷᠣᠭᠤᠯᠵᠤ᠂ 28 ᠲᠠᠷᠢᠶᠠᠴᠢᠨ ᠡᠷᠦᠬᠡ ᠮᠦ ᠪᠦᠷᠢ ᠶᠢᠨ ᠭᠠᠵᠠᠷ ᠰᠢᠷᠣᠢ ᠶᠢᠨ ᠲᠦᠷᠢᠶᠡᠰᠦᠨ ᠮᠥᠩᠭᠦ 1500 ᠲᠥᠭᠦᠷᠢᠭ ᠢᠶᠠᠷ ᠬᠤᠪᠢ ᠣᠷᠣᠭᠤᠯᠵᠤ᠂ ᠨᠠᠮ ᠤᠨ ᠡᠭᠦᠷ ᠤᠨ ᠳᠡᠳ᠋ ᠱᠦᠵᠢ᠂ ᠲᠣᠰᠬᠤᠨ ᠤ ᠵᠥᠪᠯᠡᠯ ᠤᠨ ᠭᠡᠰᠢᠭᠦᠨ᠂ ᠨᠠᠮ ᠤᠨ ᠡᠭᠦᠷ ᠤᠨ ᠭᠡᠰᠢᠭᠦᠨ ᠪᠡᠯᠡᠨ ᠵᠣᠭᠤᠰ ᠢᠶᠠᠷ ᠪᠡᠯᠡ ᠣᠷᠣᠭᠤᠯᠣᠨ᠂ ᠶᠦᠨ ᠱᠦᠨ ᠹᠧᠩ ᠤᠨ ᠬᠤᠷᠰᠢᠶᠠᠵᠢᠯ ᠤᠨ ᠳᠠᠭᠠᠭᠠᠴᠢᠯᠠᠭᠰᠠᠨ ᠭᠠᠵᠠᠷ ᠰᠢᠷᠣᠢ ᠪᠠᠷ  ᠯᠠᠵᠤᠤ ᠲᠠᠷᠢᠪᠠ᠃      ᠬᠤᠷᠰᠢᠶᠠᠵᠢᠯ ᠲᠦᠷᠦᠭᠦᠯᠡᠨ ᠲᠠᠷᠢᠶᠠᠴᠢᠳ ᠢ ᠵᠣᠬᠢᠶᠠᠨ ᠪᠠᠶᠢᠭᠤᠯᠵᠤ ᠯᠠᠵᠤᠤ ᠲᠠᠷᠢᠬᠤ ᠶᠢ ᠬᠥᠭᠵᠢᠭᠦᠯᠵᠦ᠂ ᠯᠠᠵᠤᠤ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ  ᠪᠠᠷᠢᠮᠵᠢᠶᠠᠵᠢᠭᠤᠯᠤᠨ᠂ ᠬᠡᠪᠴᠢᠶᠡᠵᠢᠭᠦᠯᠬᠦ ᠶᠢ ᠪᠡᠶᠡᠯᠡᠭᠦᠯᠵᠦ᠂ ᠲᠤᠬᠠᠢ ᠶᠢᠨ ᠭᠠᠵᠠᠷ ᠤᠨ  ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ