ᠣᠳᠣᠬᠠᠨ ᠤ ᠬᠦᠨᠳᠦ ᠬᠡᠴᠡᠭᠦᠦ ᠪᠤᠳᠤᠯᠢᠶᠠᠨᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠤᠷᠠᠳ ᠤᠨ ᠡᠮᠦᠨᠡᠲᠦ ᠬᠤᠰᠢᠭᠤᠨ ᠤ | ᠠᠷᠠᠳ ᠤᠨ ᠰᠢᠭᠦᠬᠦ ᠬᠤᠷᠢᠶᠠᠨ ᠤ ᠥᠷᠭᠡᠨ ᠣᠯᠠᠨ ᠺᠠᠳ᠋ᠷ ᠴᠠᠭᠳᠠᠭ᠎ᠠ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠪᠠ᠃ | ᠲᠤᠰ ᠬᠤᠷᠢᠶ᠎ᠠ 80 ᠨᠡᠷᠡᠰ ᠺᠠᠳ᠋ᠷ ᠴᠠᠭᠳᠠᠭ᠎ᠠ ᠶᠢ ᠨᠡᠶᠢᠭᠡᠮ ᠲᠣᠭᠤᠷᠢᠭ ᠲᠤ ᠰᠢᠯᠵᠢᠭᠦᠯᠵᠦ᠂ ᠲᠣᠰ ᠬᠤᠰᠢᠭᠤᠨ ᠤ ᠳ᠋ᠦᠩ ᠹᠧᠩ ᠨᠢᠭᠡᠳᠦᠭᠡᠷ ᠨᠡᠶᠢᠭᠡᠮ | ᠲᠣᠭᠤᠷᠢᠭ ᠤᠨ ᠯᠢ ᠳ᠋ᠦ᠋ ᠬᠤᠸᠠ ᠲᠢᠩ ᠰᠠᠭᠤᠭᠠᠯᠢ ᠠᠷᠠᠳ ᠤᠨ ᠲᠣᠭᠤᠷᠢᠭ᠂ ᠦᠢᠯᠡᠳᠪᠦᠷᠢ ᠬᠤᠳᠠᠯᠳᠤᠭᠠᠨ ᠤ ᠠᠰᠠᠷ ᠤᠨ ᠰᠠᠭᠤᠭᠠᠯᠢ ᠠᠷᠠᠳ ᠤᠨ ᠲᠣᠭᠤᠷᠢᠭ᠂ | ᠤᠰᠤᠯᠠᠯᠲᠠ ᠶᠢᠨ ᠠᠰᠠᠷ ᠤᠨ ᠰᠠᠭᠤᠭᠠᠯᠢ ᠠᠷᠠᠳ ᠤᠨ ᠲᠣᠭᠤᠷᠢᠭ ᠢᠶᠠᠷ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠵᠤ ᠵᠢᠵᠢᠭᠦᠷᠯᠡᠨ ᠰᠠᠬᠢᠬᠤ ᠠᠵᠢᠯ ᠢ | ᠳᠠᠭᠠᠭᠠᠴᠢᠯᠠᠨ ᠬᠠᠷᠢᠭᠤᠴᠠᠪᠠ᠃ 10 ᠰᠠᠷ᠎ᠠ ᠶᠢᠨ 2 ᠤᠨ ᠡᠳᠦᠷ ᠠᠴᠠ ᠡᠬᠢᠯᠡᠨ ᠰᠠᠭᠤᠭᠠᠯᠢ ᠠᠷᠠᠳ ᠤᠨ ᠲᠣᠭᠤᠷᠢᠭ ᠲᠤ 24 ᠴᠠᠭ ᠢᠶᠠᠷ ᠠᠵᠢᠯ ᠤᠨ | ᠪᠠᠶᠢᠷᠢ ᠳᠠᠭᠠᠨ ᠵᠢᠵᠢᠭᠦᠷᠯᠡᠵᠦ᠂ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠬᠥᠮᠦᠰ ᠤᠨ ᠠᠶᠠᠯᠠᠯ ᠤᠨ ᠺᠣᠳ᠋ ᠢ ᠴᠢᠩᠭ᠎ᠠ ᠪᠠᠶᠢᠴᠠᠭᠠᠨ ᠰᠢᠯᠭᠠᠵᠤ᠂ | ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠴᠤᠭᠯᠠᠷᠠᠬᠤ ᠦᠵᠡᠭᠳᠡᠯ | ᠢ ᠬᠥᠲᠥᠯᠥᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ︽ᠡᠭᠦᠳᠡ ᠲᠣᠭᠰᠢᠬᠤ ᠠᠵᠢᠯᠯᠠᠭ᠎ᠠ︾ ᠶᠢ ᠳᠠᠬᠢᠨᠲᠠ ᠥᠷᠨᠢᠭᠦᠯᠵᠦ᠂ ᠥᠨᠳᠥᠷ | ᠲᠦᠭᠰᠢᠭᠦᠷᠢᠲᠣ ᠭᠠᠵᠠᠷ ᠣᠷᠣᠨ ᠠᠴᠠ ᠬᠤᠰᠢᠭᠤᠨ ᠳᠤ ᠪᠠᠨ ᠪᠤᠴᠠᠬᠤ ᠬᠥᠮᠦᠰ ᠤᠨ ᠪᠠᠶᠢᠳᠠᠯ ᠢ ᠨᠠᠷᠢᠨ ᠣᠨᠣᠪᠴᠢᠲᠠᠶ ᠵᠢᠭᠰᠠᠭᠠᠨ ᠪᠠᠶᠢᠴᠠᠭᠠᠵᠤ᠂ ︽ᠨᠢᠭᠡ | ᠡᠷᠦᠬᠡ ᠶᠢ ᠴᠦ ᠣᠷᠬᠢᠭᠳᠠᠭᠤᠯᠬᠤ ᠥᠬᠡᠶ᠂ ᠦᠨᠳᠦᠷ ᠲᠦᠭᠰᠢᠭᠦᠷᠢᠲᠣ ᠭᠠᠵᠠᠷ ᠣᠷᠣᠨ ᠠᠴᠠ ᠢᠷᠡᠭᠰᠡᠳ ᠢ ᠨᠢᠭᠡ ᠶᠢ ᠴᠦ ᠣᠷᠬᠢᠭᠳᠠᠭᠤᠯᠬᠤ ᠥᠬᠡᠶ︾ ᠪᠠᠶᠢᠬᠤ ᠶᠢ | ᠦᠨᠡᠨ ᠬᠦ ᠪᠠᠲᠣᠯᠠᠨ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ | ᠬᠢᠪᠡ᠃ | 10 ᠰᠠᠷ᠎ᠠ ᠶᠢᠨ 6 ᠤ ᠡᠳᠦᠷ ᠠᠴᠠ ᠡᠬᠢᠯᠡᠨ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ 13 ᠨᠠᠮ ᠤᠨ ᠭᠡᠰᠢᠭᠦᠨ ᠺᠠᠳ᠋ᠷ | ᠴᠠᠭᠳᠠᠭ᠎ᠠ ᠶᠢ 110 ᠤᠯᠤᠰ ᠤᠨ ᠵᠠᠮ ᠤᠨ ᠪᠠᠶᠠᠨᠬᠤᠸᠠ ᠵᠠᠮ ᠤᠨ ᠬᠤᠷᠢᠭ᠎ᠠ ᠴᠡᠭ ᠲᠤ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ 24 ᠴᠠᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠨ᠂ ᠺᠠᠳ᠋ᠷ ᠴᠠᠭᠳᠠᠭ᠎ᠠ ᠨᠠᠷ ᠤᠨ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠡᠷᠡᠯᠬᠡᠭᠯᠡᠨ ᠤᠷᠤᠭᠰᠢᠯᠠᠬᠤ︾ | ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠣᠭᠰᠠᠨ ᠪᠠᠶᠢᠨ᠎ᠠ᠃ |