ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/10/19
     10 ᠳ᠋ᠤᠭᠠᠷ ᠰᠠᠷ᠎ᠠ ᠶᠢᠨ 17 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 17 ᠨᠡᠮᠡᠭᠳᠡᠵᠦ᠂ ᠡᠭᠦᠨ ᠳᠤ ᠬᠥᠬᠡᠬᠤᠲᠠ ᠳᠤ 9 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠵᠢᠱᠢᠶ᠎ᠡ ᠶᠢ ᠪᠠᠭᠲᠠᠭᠠᠨ᠎ᠠ︶᠂ ᠪᠤᠭᠤᠲᠤ ᠬᠤᠲᠠ ᠳᠤ 5 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠵᠢᠱᠢᠶ᠎ᠡ ᠶᠢ ᠪᠠᠭᠲᠠᠭᠠᠨ᠎ᠠ᠂ ᠴᠦᠮ ᠴᠢᠩᠱᠠᠨ ᠲᠣᠭᠤᠷᠢᠭ ᠲᠤ︶᠂ ᠬᠥᠯᠥᠨ ᠪᠤᠶᠢᠷ ᠬᠤᠲᠠ ᠳᠤ 1 ︵ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ︶᠂ ᠦᠬᠠᠢ ᠬᠤᠲᠠ ᠳᠤ 2 ︵ᠴᠥᠮ ᠬᠠᠶᠢᠨᠠᠨ ᠲᠣᠭᠤᠷᠢᠭ ᠲᠤ︶︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 33 ᠨᠡᠮᠡᠭᠳᠡᠵᠦ᠂ ᠡᠭᠦᠨ ᠳᠤ ᠬᠥᠬᠡᠬᠤᠲᠠ ᠳᠤ 22᠂ ᠪᠤᠭᠤᠲᠤ ᠬᠤᠲᠠ ᠳᠤ 3 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 2 ︵ᠬᠠᠶᠢᠯᠠᠷ ᠲᠣᠭᠤᠷᠢᠭ ᠲᠤ 1᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 1︶᠂ ᠬᠢᠩᠭᠠᠨ ᠠᠶᠢᠮᠠᠭ ᠲᠤ 1 ︵ᠤᠯᠠᠭᠠᠨᠬᠤᠲᠠ ᠳᠤ︶᠂ ᠰᠢᠯᠢ ᠶᠢᠨ ᠭᠤᠣᠯ ᠠᠶᠢᠮᠠᠭ ᠲᠤ 1 ︵ᠠᠪᠠᠭ᠎ᠠ ᠬᠤᠰᠢᠭᠤᠨ ᠳᠤ︶᠂ ᠦᠬᠠᠢ ᠬᠤᠲᠠ ᠳᠤ 4 ︵ᠴᠥᠮ ᠬᠠᠶᠢᠨᠠᠨ ᠲᠣᠭᠤᠷᠢᠭ ᠲᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠨᠡᠮᠡᠭᠳᠡᠵᠦ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 85 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠴᠤ᠂ ᠡᠭᠦᠨ ᠳᠤ ᠬᠥᠬᠡᠬᠤᠲᠠ ᠳᠤ 74᠂ ᠪᠤᠭᠤᠲᠤ ᠬᠤᠲᠠ ᠳᠤ 6 ︵ᠴᠢᠩᠱᠠᠨ ᠲᠣᠭᠤᠷᠢᠭ ᠲᠤ 2᠂ ᠳ᠋ᠦᠩ ᠾᠧ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 3︶᠂ ᠬᠥᠯᠥᠨ ᠪᠤᠶᠢᠷ ᠬᠤᠲᠠ ᠳᠤ 3 ︵ᠬᠠᠶᠢᠯᠠᠷ ᠲᠣᠭᠤᠷᠢᠭ ᠲᠤ 2᠂ ᠰᠢᠨ᠎ᠡ ᠪᠠᠷᠭᠤ ᠪᠠᠷᠠᠭᠤᠨ ᠬᠤᠰᠢᠭᠤᠨ ᠳᠤ 1︶᠂ ᠤᠯᠠᠭᠠᠨᠬᠠᠳᠠ ᠳᠤ 1 ︵ᠯᠢᠨᠰᠢ ᠰᠢᠶᠠᠨ ᠳᠤ︶᠂ ᠣᠷᠳᠣᠰ ᠬᠤᠲᠠ ᠳᠤ 1 ︵ᠵᠡᠭᠦᠨᠭᠠᠷ ᠬᠤᠰᠢᠭᠤᠨ ᠳᠤ︶ ᠪᠣᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 749 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 735᠂ ᠪᠤᠭᠤᠲᠤ ᠬᠤᠲᠠ ᠳᠤ 6 ︵ᠬᠥᠨᠳᠡᠯᠡᠨ ᠲᠣᠭᠤᠷᠢᠭ ᠲᠤ 1᠂ ᠴᠢᠩᠱᠠᠨ ᠲᠣᠭᠤᠷᠢᠭ ᠲᠤ 3᠂ ᠳ᠋ᠦᠩ ᠾᠧ ᠲᠣᠭᠤᠷᠢᠭ ᠲᠤ 1᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 3 ︵ᠴᠥᠮ ᠰᠢᠨ᠎ᠡ ᠪᠠᠷᠭᠤ ᠪᠠᠷᠠᠭᠤᠨ ᠬᠤᠰᠢᠭᠤᠨ ᠳᠤ︶᠂ ᠲᠦᠩᠯᠢᠶᠣᠣ ᠬᠤᠲᠠ ᠳᠤ 1 ︵ᠨᠠᠢᠮᠠᠨ ᠬᠤᠰᠢᠭᠤᠨ ᠳᠤ︶᠂ ᠤᠯᠠᠭᠠᠨᠴᠠᠪ ᠬᠤᠲᠠ ᠳᠤ 2 ︵ᠴᠥᠮ ᠵᠢᠨᠢᠩ ᠲᠣᠭᠤᠷᠢᠭ ᠲᠤ︶᠂ ᠪᠠᠶᠠᠨᠨᠠᠭᠤᠷ ᠬᠤᠲᠠ ᠳᠤ 2 ︵ᠦᠶᠦᠸᠠᠨ ᠰᠢᠶᠠᠨ ᠳᠤ 1᠂ ᠬᠠᠩᠭᠢᠨ ᠬᠤᠶᠢᠲᠤ ᠬᠤᠰᠢᠭᠤᠨ ᠳᠤ 1︶ ᠪᠣᠶ᠃     10 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 469 ᠪᠠᠶᠢᠵᠤ᠂ ᠡᠭᠦᠨ ᠳᠤ ᠬᠥᠬᠡᠬᠤᠲᠠ ᠳᠤ 270᠂ ᠪᠤᠭᠤᠲᠤ ᠬᠤᠲᠠ ᠳᠤ 92 ︵ᠬᠥᠨᠳᠡᠯᠡᠨ ᠲᠣᠭᠤᠷᠢᠭ ᠲᠤ 17᠂ ᠴᠢᠩᠱᠠᠨ ᠲᠣᠭᠤᠷᠢᠭ ᠲᠤ 27᠂ ᠳ᠋ᠦᠩ ᠾᠧ ᠲᠣᠭᠤᠷᠢᠭ ᠲᠤ 5᠂ ᠵᠢᠤᠶᠤᠸᠠᠨ ᠲᠣᠭᠤᠷᠢᠭ ᠲᠤ 29᠂ ᠲᠦᠮᠡᠳ ᠪᠠᠷᠠᠭᠤᠨ ᠬᠤᠰᠢᠭᠤᠨ ᠳᠤ 4᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 10︶᠂ ᠬᠥᠯᠥᠨ ᠪᠤᠶᠢᠷ ᠬᠤᠲᠠ ᠳᠤ 39 ︵ᠬᠠᠶᠢᠯᠠᠷ ᠲᠣᠭᠤᠷᠢᠭ ᠲᠤ 14᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ 2᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 15᠂ ᠰᠢᠨ᠎ᠡ ᠪᠠᠷᠭᠤ ᠪᠠᠷᠠᠭᠤᠨ ᠬᠤᠰᠢᠭᠤᠨ ᠳᠤ 8︶᠂ ᠬᠢᠩᠭᠠᠨ ᠠᠶᠢᠮᠠᠭ ᠲᠤ 21 ︵ᠤᠯᠠᠭᠠᠨᠬᠤᠲᠠ ᠳᠤ 19᠂ ᠲᠦᠴᠢᠦᠸᠠᠨ ᠰᠢᠶᠠᠨ ᠳᠤ 1᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 1︶᠂ ᠲᠦᠩᠯᠢᠶᠣᠣ ᠬᠤᠲᠠ ᠳᠤ 4 ︵ᠬᠤᠷᠴᠢᠨ ᠲᠣᠭᠤᠷᠢᠭ ᠲᠤ 3᠂ ᠨᠠᠢᠮᠠᠨ ᠬᠤᠰᠢᠭᠤᠨ ᠳᠤ 1︶᠂ ᠤᠯᠠᠭᠠᠨᠬᠠᠳᠠ ᠬᠤᠲᠠ ᠳᠤ 12 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 2᠂ ᠯᠢᠨᠰᠢ ᠰᠢᠶᠠᠨ ᠳᠤ 1᠂ ᠠᠷᠤ ᠬᠤᠷᠴᠢᠨ ᠬᠤᠰᠢᠭᠤᠨ ᠳᠤ 2᠂ ᠪᠠᠭᠠᠷᠢᠨ ᠵᠡᠭᠦᠨ ᠬᠤᠰᠢᠭᠤᠨ ᠳᠤ 1᠂ ᠬᠡᠰᠢᠭᠲᠡᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 3 ︵ᠠᠪᠠᠭ᠎ᠠ ᠬᠤᠰᠢᠭᠤᠨ ᠳᠤ 2᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ 1︶᠂ ᠣᠷᠳᠣᠰ ᠬᠤᠲᠠ ᠳᠤ 23 ︵ᠳ᠋ᠦᠩᠱᠧᠩ ᠲᠣᠭᠤᠷᠢᠭ ᠲᠤ 14᠂ ᠵᠡᠭᠦᠨᠭᠠᠷ ᠬᠤᠰᠢᠭᠤᠨ ᠳᠤ 4᠂ ᠦᠦᠰᠢᠨ ᠬᠤᠰᠢᠭᠤᠨ ᠳᠤ 1᠂ ᠬᠠᠩᠭᠢᠨ ᠬᠤᠰᠢᠭᠤᠨ ᠳᠤ 3᠂ ᠣᠲᠤᠭ ᠤᠨ ᠡᠮᠦᠨᠡᠲᠦ ᠬᠤᠰᠢᠭᠤᠨ ᠳᠤ 1︶᠂ ᠦᠬᠠᠢ ᠬᠤᠲᠠ ᠳᠤ 3 ︵ᠴᠥᠮ ᠬᠠᠶᠢᠨᠠᠨ ᠲᠣᠭᠤᠷᠢᠭ ᠲᠤ︶᠂ ᠠᠯᠠᠱᠠ ᠠᠶᠢᠮᠠᠭ ᠲᠤ 2 ︵ᠴᠥᠮ ᠠᠯᠠᠱᠠ ᠵᠡᠭᠦᠨ ᠬᠤᠰᠢᠭᠤᠨ ᠳᠤ︶ ᠪᠣᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2768 ᠪᠠᠶᠢᠵᠤ᠂ ᠡᠭᠦᠨ ᠳᠤ ᠬᠥᠬᠡᠬᠤᠲᠠ ᠳᠤ 2222᠂ ᠪᠤᠭᠤᠲᠤ ᠬᠤᠲᠠ ᠳᠤ 318 ︵ᠬᠥᠨᠳᠡᠯᠡᠨ ᠲᠣᠭᠤᠷᠢᠭ ᠲᠤ 99᠂ ᠴᠢᠩᠱᠠᠨ ᠲᠣᠭᠤᠷᠢᠭ ᠲᠤ 56᠂ ᠳ᠋ᠦᠩ ᠾᠧ ᠲᠣᠭᠤᠷᠢᠭ ᠲᠤ 46᠂ ᠵᠢᠤᠶᠤᠸᠠᠨ ᠲᠣᠭᠤᠷᠢᠭ ᠲᠤ 101᠂ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠲᠤ 1᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 15︶᠂ ᠬᠥᠯᠥᠨ ᠪᠤᠶᠢᠷ ᠬᠤᠲᠠ ᠳᠤ 55 ︵ᠬᠠᠶᠢᠯᠠᠷ ᠲᠣᠭᠤᠷᠢᠭ ᠲᠤ 13᠂ ᠠᠷᠤᠨ ᠬᠤᠰᠢᠭᠤᠨ ᠳᠤ 1᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 18᠂ ᠰᠢᠨ᠎ᠡ ᠪᠠᠷᠭᠤ ᠵᠡᠭᠦᠨ ᠬᠤᠰᠢᠭᠤᠨ ᠳᠤ 1᠂ ᠰᠢᠨ᠎ᠡ ᠪᠠᠷᠭᠤ ᠪᠠᠷᠠᠭᠤᠨ ᠬᠤᠰᠢᠭᠤᠨ ᠳᠤ 22︶᠂ ᠬᠢᠩᠭᠠᠨ ᠠᠶᠢᠮᠠᠭ ᠲᠤ 77 ︵ᠤᠯᠠᠭᠠᠨᠬᠤᠲᠠ ᠳᠤ 71᠂ ᠲᠦᠴᠢᠦᠸᠠᠨ ᠰᠢᠶᠠᠨ ᠳᠤ 2᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 4︶᠂ ᠤᠯᠠᠭᠠᠨᠬᠠᠳᠠ ᠬᠤᠲᠠ ᠳᠤ 32 ︵ᠬᠤᠩᠱᠠᠨ ᠲᠣᠭᠤᠷᠢᠭ ᠲᠤ 2᠂ ᠰᠦᠩᠱᠠᠨ ᠲᠣᠭᠤᠷᠢᠭ ᠲᠤ 14᠂ ᠯᠢᠨᠰᠢ ᠰᠢᠶᠠᠨ ᠳᠤ 1᠂ ᠬᠠᠷᠠᠴᠢᠨ ᠬᠤᠰᠢᠭᠤᠨ ᠳᠤ 1᠂ ᠠᠷᠤ ᠬᠤᠷᠴᠢᠨ ᠬᠤᠰᠢᠭᠤᠨ ᠳᠤ 9᠂ ᠪᠠᠭᠠᠷᠢᠨ ᠵᠡᠭᠦᠨ ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 4 ︵ᠠᠪᠠᠭ᠎ᠠ ᠬᠤᠰᠢᠭᠤᠨ ᠳᠤ 1᠂ ᠰᠢᠯᠤᠭᠤᠨ ᠬᠥᠬᠡ ᠬᠤᠰᠢᠭᠤᠨ ᠳᠤ 3︶᠂ ᠤᠯᠠᠭᠠᠨᠴᠠᠪ ᠬᠤᠲᠠ ᠳᠤ 12 ︵ᠵᠢᠨᠢᠩ ᠲᠣᠭᠤᠷᠢᠭ ᠲᠤ 8᠂ ᠵᠦᠸᠧᠽᠢ ᠰᠢᠶᠠᠨ ᠳᠤ 4︶᠂ ᠣᠷᠳᠣᠰ ᠬᠤᠲᠠ ᠳᠤ 4 ︵ᠴᠥᠮ ᠣᠲᠤᠭ ᠤᠨ ᠡᠮᠦᠨᠡᠲᠦ ᠬᠤᠰᠢᠭᠤᠨ ᠳᠤ︶᠂ ᠪᠠᠶᠠᠨᠨᠠᠭᠤᠷ ᠬᠤᠲᠠ ᠳᠤ 38 ︵ᠯᠢᠨ ᠾᠧ ᠲᠣᠭᠤᠷᠢᠭ ᠲᠤ 31᠂ ᠦᠶᠤᠸᠠᠨ ᠰᠢᠶᠠᠨ ᠳᠤ 5᠂ ᠬᠠᠩᠭᠢᠨ ᠬᠤᠶᠢᠲᠤ ᠬᠤᠰᠢᠭᠤᠨ ᠳᠤ 2︶᠂ ᠦᠬᠠᠢ ᠬᠤᠲᠠ ᠳᠤ 5 ︵ᠬᠠᠶᠢᠷᠤᠪ ᠤᠨ ᠲᠣᠬᠤᠢ ᠲᠣᠭᠤᠷᠢᠭ ᠲᠤ 1᠂ ᠬᠠᠶᠢᠨᠠᠨ ᠲᠣᠭᠤᠷᠢᠭ ᠲᠤ 4︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 12᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ᠪᠠᠶᠢᠵᠤ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ