ᠢᠳᠡᠭᠡᠨ ᠤ ᠲᠣᠰᠣᠨ ᠤ ᠲᠣᠬᠠᠢ ᠡᠳᠡᠭᠡᠷ ᠠᠳᠡᠭᠦᠷᠡᠯ ᠢ ᠠᠩᠬᠠᠷ︕
ᠨᠡᠶᠢᠲᠡᠯᠡᠭᠰᠡᠨ ᠴᠠᠭ᠄
2022/10/19
      ᠠᠳᠡᠭᠦᠷᠡᠯ ᠨᠢᠭᠡ᠄ ᠤᠷᠭᠤᠮᠠᠯ ᠤᠨ ᠲᠣᠰᠣ ᠶᠢ ᠰᠣᠩᠭᠤᠵᠣ ᠪᠠᠶᠢᠬᠤ ᠨᠢ ︽ᠺᠤᠯᠧᠰᠲ᠋ᠧᠷᠤᠯ ᠦᠭᠡᠶ︾ ᠬᠡᠵᠤ ᠦᠵᠡᠳᠡᠭ᠃ ᠦᠨᠡᠨ ᠳᠡᠭᠡᠨ ᠤᠷᠭᠤᠮᠠᠯ ᠤᠨ ᠲᠣᠰᠣ ᠳᠤ ᠴᠥᠮ ᠺᠤᠯᠧᠰᠲ᠋ᠧᠷᠤᠯ ᠠᠭᠤᠯᠬᠤ ᠦᠭᠡᠶ ᠣᠴᠢᠷ ᠠᠴᠠ ᠤᠷᠭᠤᠮᠠᠯ ᠤᠨ ᠲᠣᠰᠣ ᠬᠤᠳᠠᠯᠳᠤᠨ ᠠᠪᠬᠤ ᠦᠶᠡᠰ ᠰᠠᠪᠠᠨ ᠳᠡᠭᠡᠷ᠎ᠡ ᠨᠢ ︽ᠺᠤᠯᠧᠰᠲ᠋ᠧᠷᠤᠯ ᠠᠭᠤᠯᠬᠤ ᠦᠭᠡᠶ︾ ᠬᠡᠵᠤ ᠪᠢᠴᠢᠵᠤ ᠪᠠᠢᠬᠤ ᠡᠰᠡᠬᠦ ᠶᠢ ᠬᠠᠮᠢᠶᠠᠷᠬᠤ ᠬᠡᠷᠡᠭ ᠦᠭᠡᠢ᠃      ᠠᠳᠡᠭᠦᠷᠡᠯ ᠬᠤᠶᠠᠷ᠄ ᠰᠢᠬᠠᠭᠰᠠᠨ ᠲᠤᠰᠣ ᠨᠢ ᠨᠡᠪᠴᠢᠭᠦᠯᠦᠭᠰᠡᠨ ᠲᠣᠰᠣᠨ ᠠᠴᠠ ᠰᠠᠶᠢᠨ ᠭᠡᠵᠦ ᠦᠵᠡᠳᠡᠭ᠃ ᠦᠨᠡᠨ ᠳᠡᠭᠡᠨ ᠲᠤᠰᠤ ᠶᠢ ᠰᠢᠬᠠᠵᠤ ᠭᠠᠷᠭᠠᠭᠰᠠᠨ ᠴᠤ ᠲᠡᠷᠡ᠂ ᠨᠡᠪᠴᠢᠭᠦᠯᠵᠦ ᠭᠠᠷᠭᠠᠭᠰᠠᠨ ᠴᠤ ᠲᠡᠷᠡ᠂ ᠵᠢᠩᠬᠢᠨᠢ ᠦᠢᠯᠡᠳᠪᠦᠷᠢ ᠶᠢᠨ ᠦᠢᠯᠡᠳᠪᠦᠷᠢᠯᠡᠭᠰᠡᠨ ᠪᠥᠭᠡᠳ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠲᠤᠰᠤ ᠯᠠ ᠶᠤᠮ ᠪᠣᠯ ᠴᠥᠮ ᠰᠠᠨᠠᠭ᠎ᠠ ᠠᠮᠤᠷ ᠢᠳᠡᠵᠦ ᠪᠣᠯᠤᠨ᠎ᠠ᠃ ᠥᠪᠡᠷ ᠢᠶᠠᠨ ᠦᠢᠯᠡᠳᠪᠦᠷᠢᠯᠡᠭᠰᠡᠨ᠂ ᠲᠠᠷᠣᠢ ᠴᠤᠯᠤ ᠭᠠᠷ ᠢᠶᠠᠷ ᠰᠢᠬᠠᠵᠤ ᠭᠠᠷᠭᠠᠭᠰᠠᠨ ᠲᠣᠰᠣᠨ ᠤ ᠲᠤᠬᠠᠶ᠂ ᠣᠨᠴᠠᠭᠠᠶᠢᠯᠠᠨ ᠯᠣᠬᠠᠱᠧᠩ ᠤᠨ ᠲᠣᠰᠣ ᠶᠢ ᠣᠶᠢᠯᠡᠳᠬᠦ ᠶᠠᠪᠤᠴᠠ ᠳᠤ ᠰᠢᠷ᠎ᠠ ᠬᠥᠷᠥᠩᠭᠡ ᠶᠢᠨ ᠬᠥᠭᠡᠴᠦ ᠶᠢᠨ ᠬᠤᠤᠷᠲᠤ ᠡᠳ᠋ ᠤᠨ ᠪᠤᠵᠠᠷᠳᠤᠯ ᠤᠨ ᠠᠰᠠᠭᠤᠳᠠᠯ ᠣᠷᠣᠰᠢᠵᠤ᠂ ᠣᠷᠳᠣ ᠬᠤᠭᠤᠴᠠᠭ᠎ᠠ ᠪᠠᠷ ᠢᠳᠡᠪᠡᠯ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠵᠤ ᠮᠡᠳᠡᠨ᠎ᠡ᠃      ᠠᠳᠡᠭᠦᠷᠡᠯ ᠭᠤᠷᠪᠠ᠄ ᠨᠢᠭᠡ ᠤᠳᠠᠭ᠎ᠠ ᠳᠤ ᠨᠢᠭᠡ ᠲᠣᠮᠣ ᠬᠦᠨᠦᠭ ᠲᠣᠰᠣ ᠬᠤᠳᠠᠯᠳᠤᠨ ᠠᠪᠳᠠᠭ ᠤᠨ ᠦᠨᠡᠨ ᠪᠠᠶᠢᠲᠠᠯ᠄ ᠦᠨᠡᠨ ᠳᠡᠭᠡᠨ ᠬᠡᠳᠦ᠋ᠢᠪᠡᠷ ᠬᠢᠮᠳᠠ ᠪᠣᠯᠪᠠᠴᠤ᠂ ᠶᠠᠰᠤ ᠴᠢᠨᠠᠷ ᠨᠢ ᠳᠣᠷᠣᠭᠰᠢᠯᠠᠨ᠎ᠠ᠃ ᠲᠣᠮᠣ ᠬᠦᠨᠦᠭ ᠲᠠᠢ ᠲᠤᠰᠤ ᠳᠤ ᠶᠡᠷᠦ ᠨᠢ ᠬᠤᠶᠠᠷ ᠠᠰᠠᠭᠤᠳᠠᠯ ᠣᠷᠣᠰᠢᠵᠤ ᠪᠠᠶᠢᠳᠠᠭ᠄      1 . ᠢᠳᠡᠰᠢᠨ ᠲᠣᠰᠤ ᠶᠢ ᠪᠠᠷᠤᠭ ᠪᠦᠷ ᠰᠦᠯᠢᠶᠣᠣ ᠬᠦᠨᠦᠭ ᠲᠤ ᠬᠢᠳᠡᠭ ᠪᠣᠯᠬᠤᠷ ᠵᠠᠷᠢᠮ ᠰᠤᠳᠤᠯᠭᠠᠨ ᠳᠤ ᠬᠡᠯᠡᠬᠦ ᠪᠠᠷ᠂ ᠢᠳᠡᠭᠡᠨ ᠤ ᠲᠣᠰᠣᠨ ᠤ ᠰᠠᠪᠠ ᠰᠠᠭᠠᠯᠢ ᠶᠢᠨ ᠮᠠᠲ᠋ᠧᠷᠢᠶᠠᠯ ᠳᠣᠲᠣᠷᠠᠬᠢ ᠨᠠᠯᠠᠷᠠᠭᠤᠯᠤᠭᠴᠢ ᠡᠳ᠋ ᠨᠢ ᠢᠳᠡᠰᠢᠨ ᠲᠣᠰᠣᠨ ᠳᠤ ᠠᠭᠤᠰᠳᠠᠭ᠃      2 . ᠭᠡᠷᠡᠯ ᠨᠡᠪᠲᠡᠷᠡᠬᠦ ᠴᠢᠨᠠᠷ ᠨᠡᠯᠢᠶᠡᠳ ᠰᠠᠶᠢᠨ ᠤᠴᠢᠷ ᠠᠴᠠ ᠬᠡᠷᠪᠡ ᠬᠠᠳᠠᠭᠠᠯᠠᠬᠤ ᠨᠢ ᠵᠣᠬᠢᠰ ᠦᠭᠡᠢ᠂ ᠤᠷᠲᠤ ᠬᠤᠭᠤᠴᠠᠭ᠎ᠠ ᠪᠠᠷ ᠨᠡᠷᠡᠨ ᠤ ᠭᠡᠷᠡᠯ ᠤᠨ ᠡᠭᠴᠡ ᠲᠤᠰᠤᠯᠲᠠ ᠶᠢ ᠬᠦᠷᠲᠡᠬᠦ ᠵᠢᠴᠢ ᠪᠢᠲᠡᠭᠦᠮᠵᠢ ᠶᠢ ᠨᠡᠭᠡᠭᠡᠭᠰᠡᠨ ᠤ ᠳᠠᠷᠠᠭ᠎ᠠ ᠪᠢᠲᠡᠭᠦᠮᠵᠢᠯᠡᠬᠦ ᠴᠢᠨᠠᠷ ᠳᠣᠷᠣᠭᠰᠢᠯᠠᠬᠤ ᠵᠡᠷᠭᠡ ᠬᠦᠴᠦᠨ ᠵᠦᠢᠯ ᠪᠠᠶᠢᠪᠠᠯ ᠢᠳᠡᠰᠢᠨ ᠲᠣᠰᠣᠨ ᠤ ᠢᠰᠦᠯᠳᠦᠵᠦ ᠴᠢᠨᠠᠷ ᠬᠤᠪᠢᠷᠠᠬᠤ ᠶᠢ ᠲᠦᠷᠭᠡᠳᠬᠡᠨ᠎ᠡ᠃ ᠤᠳᠠᠭᠠᠨ ᠲᠠᠯᠪᠢᠭᠰᠠᠨ ᠢᠳᠡᠰᠢᠨ ᠲᠣᠰᠣ ᠠᠴᠠ ᠬᠤᠷᠰᠢᠬᠰᠠᠨ ᠦᠨᠦᠷ ᠦᠨᠦᠷᠲᠦᠭᠲᠡᠲᠡᠭ᠂ ᠡᠨᠡ ᠨᠢ ᠳᠠᠷᠤᠶ ᠲᠣᠰᠣᠨ ᠤ ᠢᠰᠦᠯᠳᠦᠯ ᠠᠴᠠ ᠪᠣᠯᠤᠭᠰᠠᠨ ᠶᠤᠮ᠃ ᠡᠶᠢᠮᠤ ᠲᠤᠰᠤᠨ ᠤ ᠠᠮᠲᠠ ᠨᠢ ᠪᠠᠭᠤᠷᠠᠬᠤ ᠪᠠᠷ ᠪᠠᠷᠠᠬᠤ ᠦᠭᠡᠢ ᠪᠠᠰᠠ ᠡᠷᠡᠭᠦᠯ ᠴᠢᠭᠢᠷᠠᠭ ᠲᠤ ᠬᠤᠤᠷ ᠬᠥᠨᠥᠭᠡᠯ ᠲᠠᠢ᠃ ᠡᠶᠢᠮᠦ ᠠᠴᠠ ᠡᠩ ᠤᠨ ᠭᠤᠷᠪᠠᠨ ᠪᠦᠯᠢ ᠲᠠᠢ ᠠᠶᠢᠯ ᠵᠢᠵᠢᠭ ᠰᠠᠪᠠ ᠲᠠᠢ ᠢᠳᠡᠭᠡᠨ ᠤ ᠲᠣᠰᠣ ᠶᠢ ᠬᠤᠳᠠᠯᠳᠤᠨ ᠠᠪᠴᠤ ᠪᠣᠯᠤᠨ᠎ᠠ᠃ ᠬᠠᠮᠤᠭ ᠰᠠᠶᠢᠨ ᠨᠢ ᠰᠢᠯ ᠯᠣᠩᠬᠤ ᠶᠢ ᠰᠣᠩᠭᠤᠵᠤ ᠠᠪᠬᠤ ᠪᠤᠶᠤ ᠰᠦᠯᠢᠶᠣᠣ ᠰᠠᠪᠠ ᠲᠠᠢ ᠬᠤᠳᠠᠯᠳᠤᠨ ᠠᠪᠴᠢᠷᠠᠭᠰᠠᠨ ᠤ ᠳᠠᠷᠠᠭ᠎ᠠ᠂ ᠴᠠᠭ ᠲᠤᠬᠠᠶ ᠳᠤᠨᠢ ᠬᠠᠭᠤᠷᠠᠶ ᠰᠢᠯ ᠰᠠᠪᠠᠨ ᠳᠤ ᠶᠡᠭᠦᠯᠡᠵᠦ ᠪᠢᠲᠡᠭᠦᠮᠵᠢᠯᠡᠨ ᠬᠠᠳᠠᠭᠠᠯᠠᠬᠤ ᠬᠡᠷᠡᠭᠲᠡᠶ᠃     ᠠᠳᠡᠭᠦᠷᠡᠯ ᠳᠥᠷᠪᠡ᠄ ᠤᠷᠲᠤ ᠬᠤᠭᠤᠴᠠᠭ᠎ᠠ ᠪᠠᠷ ᠵᠥᠪᠬᠡᠨ ᠨᠢᠭᠡ ᠵᠦᠢᠯ ᠤᠨ ᠲᠣᠰᠣ ᠶᠢ ᠬᠡᠷᠡᠭᠯᠡᠨ᠎ᠡ᠃ ᠦᠨᠡᠨ ᠳᠡᠭᠡᠨ ᠲᠣᠰᠣ ᠢᠳᠡᠬᠦ ᠳᠤ ᠪᠠᠰᠠ ᠣᠯᠠᠨ ᠶᠠᠩᠵᠤ ᠶᠢᠨ ᠪᠠᠶᠢᠬᠤ ᠬᠡᠷᠡᠭᠲᠡᠶ᠃ ᠠᠳᠠᠯᠢ ᠪᠤᠰᠤ ᠤᠷᠭᠤᠮᠠᠯ ᠤᠨ ᠲᠣᠰᠣᠨ ᠳᠤ ᠠᠭᠤᠯᠬᠤ ᠥᠭᠡᠬᠦᠨ ᠬᠦᠴᠢᠯ ᠤᠨ ᠲᠥᠷᠥᠯ ᠵᠦᠢᠯ ᠨᠢ ᠠᠳᠠᠯᠢ ᠦᠭᠡᠶ᠂ ᠬᠡᠷᠪᠡ ᠤᠷᠲᠤ ᠬᠤᠭᠤᠴᠠᠭ᠎ᠠ ᠪᠠᠷ ᠵᠥᠪᠬᠡᠨ ᠨᠢᠭᠡ ᠵᠦᠢᠯ ᠤᠨ ᠤᠷᠭᠤᠮᠠᠯ ᠤᠨ ᠲᠣᠰᠣ ᠶᠢ ᠢᠳᠡᠪᠡᠯ᠂ ᠥᠭᠡᠬᠦᠨ ᠬᠦᠴᠢᠯ ᠨᠢ ᠳᠠᠷᠤᠶ ᠳᠠᠩ ᠴᠤᠯᠭᠤᠶ ᠪᠣᠯᠳᠠᠭ᠃ ᠡᠶᠢᠮᠦ ᠠᠴᠠ ᠲᠣᠰᠣ ᠶᠢ ᠰᠣᠯᠢᠵᠤ ᠰᠡᠯᠭᠦᠵᠦ ᠢᠳᠡᠪᠡᠯ ᠨᠠᠩ ᠡᠷᠡᠭᠦᠯ ᠴᠢᠭᠢᠷᠠᠭ ᠪᠣᠯᠤᠨ᠎ᠠ᠃     ᠠᠳᠡᠭᠦᠷᠡᠯ ᠲᠠᠪᠤ᠄ ᠨᠠᠶᠢᠷᠠᠭᠤᠯᠤᠮᠠᠯ ᠲᠣᠰᠣ ᠪᠣᠯ ᠡᠷᠡᠭᠦᠯ ᠮᠡᠨᠳᠦ ᠳᠤ ᠠᠰᠢᠭᠳᠠᠢ ᠭᠡᠵᠦ ᠦᠵᠡᠳᠡᠭ︕ ᠦᠨᠡᠨ ᠳᠡᠭᠡᠨ ᠲᠡᠶᠢᠮᠤ ᠪᠢᠰᠢ ᠶᠤᠮ᠃ ᠨᠠᠶᠢᠷᠠᠭᠤᠯᠤᠮᠠᠯ ᠲᠣᠰᠣ ᠪᠣᠯ ᠬᠤᠶᠠᠷ ᠠᠴᠠ ᠳᠡᠭᠡᠭᠰᠢ ᠨᠠᠷᠢᠯᠢᠭ ᠪᠣᠯᠪᠠᠰᠤᠷᠠᠭᠤᠯᠤᠭᠰᠠᠨ ᠤᠷᠭᠤᠮᠠᠯ ᠤᠨ ᠲᠣᠰᠣ ᠶᠢ ᠬᠤᠯᠢᠭᠰᠠᠨ ᠢᠳᠡᠰᠢᠨ ᠲᠣᠰᠣ ᠪᠣᠯᠣᠨ᠎ᠠ᠃ ᠤᠷᠭᠤᠮᠠᠯ ᠤᠨ ᠲᠣᠰᠣ ᠶᠢ ᠨᠠᠷᠢᠯᠢᠭ ᠪᠣᠯᠪᠠᠰᠤᠷᠠᠭᠤᠯᠬᠤ ᠳᠤ ᠡᠰᠡᠷᠭᠦ ᠬᠡᠯᠪᠡᠷᠢ ᠶᠢᠨ ᠥᠭᠡᠬᠦᠨ ᠬᠦᠴᠢᠯ ᠠᠭᠤᠯᠵᠤ ᠪᠠᠶᠢᠳᠠᠭ᠂ ᠡᠰᠡᠷᠭᠦ ᠬᠡᠯᠪᠡᠷᠢ ᠶᠢᠨ ᠥᠭᠡᠬᠦᠨ ᠬᠦᠴᠢᠯ ᠠᠭᠤᠯᠤᠭᠰᠠᠨ ᠢᠳᠡᠭᠡᠨ ᠢ ᠬᠡᠲᠦᠷᠡᠲᠡᠯ᠎ᠡ ᠢᠳᠡᠪᠡᠯ ᠵᠢᠷᠦᠬᠡᠨ ᠲᠢᠲᠢᠮ ᠤᠨ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠨ ᠡᠭᠦᠰᠬᠦ ᠲᠦᠭᠰᠢᠭᠦᠷᠢ ᠶᠢ ᠨᠡᠮᠡᠭᠳᠡᠭᠦᠯᠦᠨ᠎ᠡ᠃    
ᠢᠷᠡᠯᠲᠡ᠄ ᠠᠷᠠᠳ ᠤᠨ ᠰᠦᠯᠵᠢᠶ᠎ᠡ