ᠳᠤᠮᠳᠠᠳᠤ ᠤᠯᠤᠰ ᠪᠣᠯ ᠵᠠᠬ᠎ᠠ ᠳᠡᠯᠭᠡᠭᠦᠷ ᠤᠨ ᠨᠡᠮᠡᠭᠳᠡᠯ ᠪᠣᠯᠣᠨ ᠬᠠᠩᠭᠠᠯᠭ᠎ᠠ ᠶᠢᠨ ᠴᠢᠬᠤᠯᠠ ᠡᠬᠢ ᠢᠷᠡᠯᠲᠡ ᠪᠣᠯᠣᠨ᠎ᠠ
ᠨᠡᠶᠢᠲᠡᠯᠡᠭᠰᠡᠨ ᠴᠠᠭ᠄
2022/10/19

      ᠥᠨᠥᠬᠡᠨ ᠬᠤᠷᠠᠯᠳᠤᠭᠰᠠᠨ ᠪᠧᠷᠯᠢᠨ ᠤ ᠮᠠᠰᠢᠨ ᠮᠧᠬᠠᠨᠢᠭ ᠤᠨ ᠢᠨᠵᠧᠨᠧᠷᠢᠩ ᠤᠨ ᠳᠡᠭᠡᠳᠦ ᠲᠦᠪᠰᠢᠨ ᠤ ᠬᠤᠷᠠᠯ ᠳᠡᠭᠡᠷ᠎ᠡ ᠳᠤᠮᠳᠠᠳᠤ ᠤᠯᠤᠰ ᠲᠠᠢ ᠪᠠᠶᠢᠬᠤ

ᠠᠷᠠᠯᠵᠢᠶᠠᠨ ᠤ ᠶᠠᠪᠤᠯᠴᠠᠭ᠎ᠠ ᠪᠠᠨ ᠪᠠᠲᠤᠯᠠᠬᠤ ᠨᠢ ᠬᠠᠯᠠᠮᠰᠢᠯ  ᠠᠰᠠᠭᠤᠳᠠᠯ  ᠪᠣᠯᠣᠭᠰᠠᠨ ᠪᠠᠶᠢᠨ᠎ᠠ᠃ ᠭᠧᠷᠮᠠᠨ ᠤ ᠶᠡᠷᠦᠩᠬᠡᠢ ᠰᠠᠶᠢᠳ ᠱᠣᠯᠽ ︵scholz)

ᠳᠡᠯᠠᠬᠡᠶᠢᠵᠢᠯᠠᠯᠳᠠ ᠶᠢ ᠳᠡᠮᠵᠢᠨ᠎ᠡ ᠭᠡᠵᠤ ᠳᠠᠬᠢᠨᠳᠠ ᠲᠣᠳᠣᠷᠬᠠᠢ ᠢᠯᠡᠷᠬᠡᠶᠢᠯᠡᠵᠡᠢ᠃ ᠲᠡᠷᠡ ᠵᠢᠭᠠᠬᠤ ᠳᠠᠭᠠᠨ᠂ ︽ᠬᠠᠷᠢᠴᠠᠭ᠎ᠠ ᠬᠤᠯᠪᠣᠭ᠎ᠠ ᠪᠠᠨ ᠲᠠᠰᠤᠯᠬᠤ︾ ᠪᠣᠯ ᠪᠦᠷ

ᠴᠦ ᠪᠤᠷᠤᠭᠤ ᠰᠣᠩᠭᠤᠯᠲᠠ ᠪᠣᠯᠣᠨ᠎ᠠ᠂ ᠳᠤᠮᠳᠠᠳᠤ ᠤᠯᠤᠰ ᠢ ᠪᠠᠭᠲᠠᠭᠠᠭᠰᠠᠨ ᠣᠯᠠᠨ ᠤᠯᠤᠰ  ᠲᠠᠢ ᠠᠷᠠᠯᠵᠢᠶ᠎ᠠ ᠬᠤᠳᠠᠯᠳᠤᠭ᠎ᠠ ᠬᠢᠬᠦ ᠬᠡᠷᠡᠭᠲᠡᠢ ᠭᠡᠵᠤ

ᠴᠢᠬᠤᠯᠠᠴᠢᠯᠠᠭᠰᠠᠨ ᠪᠠᠶᠢᠨ᠎ᠠ᠃  ᠡᠸᠦ᠋ᠷᠦᠫᠡ ᠶᠢᠨ ᠬᠤᠯᠪᠣᠭᠠᠨ ᠤ  ᠠᠷᠠᠯᠵᠢᠶᠠᠨ ᠤ ᠲᠤᠰᠬᠠᠢ ᠲᠤᠰᠢᠶᠠᠯᠲᠠᠨ ᠬᠡᠯᠡᠬᠦ ᠳᠡᠭᠡᠨ᠂ ᠳᠤᠮᠳᠠᠳᠤ ᠤᠯᠤᠰ ᠲᠠᠢ  ︽ᠬᠠᠷᠢᠯᠴᠠᠭ᠎ᠠ 

ᠬᠤᠯᠪᠣᠭ᠎ᠠ ᠪᠠᠨ  ᠲᠠᠰᠤᠯᠬᠤ︾  ᠨᠢ ᠡᠸᠦ᠋ᠷᠦᠫᠡ ᠶᠢᠨ ᠬᠤᠯᠪᠣᠭᠠᠨ ᠤ ᠠᠵᠤ ᠠᠬᠤᠶᠢᠯᠠᠯ ᠤᠳ ᠤᠨ ᠰᠣᠩᠭᠤᠯᠲᠠ ᠪᠢᠰᠢ ᠶᠤᠮ᠂  ᠳᠤᠮᠳᠠᠳᠤ ᠤᠯᠤᠰ ᠪᠣᠯ ᠵᠠᠬ᠎ᠠ 

ᠳᠡᠯᠭᠡᠭᠦᠷ ᠤᠨ ᠨᠡᠮᠡᠭᠳᠡᠯ ᠪᠣᠯᠣᠨ ᠬᠠᠩᠭᠠᠯᠭ᠎ᠠ ᠶᠢᠨ ᠴᠢᠬᠤᠯᠠ ᠢᠷᠡᠯᠲᠡ ᠪᠣᠯᠣᠨ᠎ᠠ ᠭᠡᠵᠡᠢ᠃             

      ᠵᠠᠷᠢᠮ ᠤᠯᠤᠰ ᠣᠷᠣᠨ ᠳᠤᠮᠳᠠᠳᠤ ᠤᠯᠤᠰ ᠲᠠᠢ ᠠᠵᠤ ᠠᠬᠤᠢ ᠶᠢᠨ ︽ᠬᠠᠷᠢᠯᠴᠠᠭ᠎ᠠ ᠬᠤᠯᠪᠣᠭ᠎ᠠ ᠪᠠᠨ ᠲᠠᠰᠤᠯᠬᠤ︾ ᠵᠢ‌ᠦᠯᠢᠶᠡᠨ ᠬᠥᠭᠡᠷᠭᠡᠳᠡᠵᠦ ᠪᠠᠶᠢᠭ᠎ᠠ ᠪᠠ

ᠳᠡᠯᠡᠬᠡᠢ ᠶᠢᠨ ᠠᠵᠤ ᠠᠬᠤᠢ  ᠤᠷᠤᠭᠤᠳᠠᠨ  ᠳᠣᠷᠣᠶᠢᠲᠠᠬᠤ  ᠲᠦᠭᠰᠢᠭᠦᠷᠢ ᠲᠠᠰᠤᠷᠠᠯᠲᠠ‌ᠦᠭᠡᠢ ᠬᠡᠴᠡᠭᠦᠳᠡᠵᠦ ᠪᠠᠶᠢᠭ᠎ᠠ ᠠᠬᠤᠢ ᠪᠠᠶᠢᠳᠠᠯ ᠳᠤ ᠡᠸᠦ᠋ᠷᠦᠫᠡ  ᠲᠢᠪ ᠤᠨ

ᠡᠳᠡᠭᠡᠷ ᠠᠯᠪᠠᠨ ᠲᠤᠰᠢᠶᠠᠯᠲᠠᠨ ᠤ  ᠤᠬᠠᠭᠠᠯᠢᠭ‌‍ᠶᠠᠷᠢᠶ᠎ᠠ ᠶᠢ ᠬᠥᠮᠥᠰ ᠠᠩᠬᠠᠷᠤᠨ ᠰᠣᠨᠣᠰᠤᠭᠤᠰᠢᠲᠠᠢ ᠶᠤᠮ᠃ ᠲᠡᠳᠡᠨᠦᠰ ᠤᠨ ᠦᠭᠡ ᠶᠠᠷᠢᠶ᠎ᠠ ᠠᠴᠠ  ︽ᠳᠤᠮᠳᠠᠳᠤ 

ᠤᠯᠤᠰ  ᠲᠠᠢ ᠠᠷᠠᠯᠵᠢᠶ᠎ᠠ ᠬᠤᠳᠠᠯᠳᠤᠭ᠎ᠠ︾ ᠬᠢᠬᠦ ᠨᠢ ᠶᠠᠪᠤᠬᠤ ᠲᠤᠰᠤᠮ᠎ᠠ ᠪᠠᠨ ᠣᠯᠠᠨ ᠤᠯᠤᠰ ᠤᠨ ᠠᠵᠤ  ᠠᠬᠤᠶᠢᠯᠠᠯ ᠤᠨ ᠰᠣᠩᠭᠤᠯᠲᠠ ᠪᠣᠯᠬᠤ ᠶᠢ ᠦᠵᠡᠵᠦ

ᠭᠠᠷᠴᠤ ᠪᠣᠯᠣᠨ᠎ᠠ᠂ ᠳᠤᠮᠳᠠᠳᠤ ᠤᠯᠤᠰ ᠨᠢ ︽ᠳᠡᠯᠡᠬᠡᠢ ᠶᠢᠨ ᠵᠠᠬ᠎ᠠ  ᠳᠡᠯᠭᠡᠭᠦᠷ︾  ᠪᠣᠯᠣᠨ  ︽ᠳᠡᠯᠡᠬᠡᠢ ᠵᠢᠨ‌ᠦᠢᠯᠡᠳᠪᠦᠷᠢ︾ ᠪᠣᠯᠣᠭᠰᠠᠨ ᠤ ᠬᠤᠪᠢ ᠳᠤ ᠪᠠᠶᠢᠷᠢ

ᠰᠠᠭᠤᠷᠢ ᠨᠢ ᠮᠠᠰᠢ ᠴᠢᠬᠤᠯᠠ ᠶᠤᠮ᠃              

      ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠬᠦᠷᠢᠶ᠎ᠡ ᠬᠡᠪᠴᠢᠶ᠎ᠡ ᠬᠡᠳᠦᠢ ᠶᠡᠭᠡ ᠪᠣᠢ︖ ᠠᠵᠤ ᠠᠬᠤᠢ ᠶᠢᠨ ᠶᠡᠷᠦᠩᠬᠡᠢ‌‍ᠬᠡᠮᠵᠢᠶ᠎ᠡ ᠨᠢ 114 ᠲᠦᠮᠡᠨ

ᠳ᠋ᠦᠩᠰᠢᠭᠤᠷ ᠲᠥᠭᠦᠷᠢᠭ ᠲᠤ ᠬᠦᠷᠦᠭᠰᠡᠨ  ᠪᠥᠭᠡᠳ  14  ᠳ᠋ᠦᠩᠰᠢᠭᠤᠷ  ᠬᠡᠷᠡᠭᠯᠡᠭᠴᠢᠳ  ᠲᠠᠢ ᠪᠠᠶᠢᠵᠤ᠂  ᠳᠡᠯᠡᠬᠡᠢ ᠶᠢᠨ ᠬᠤᠶᠠᠳᠤᠭᠠᠷ ᠲᠣᠮᠣ ᠲᠠᠸᠠᠷ ᠤᠨ

ᠬᠡᠷᠡᠭᠯᠡᠭᠡᠨ ᠤ ᠵᠠᠬ᠎ᠠ ᠳᠡᠯᠭᠡᠭᠦᠷ  ᠪᠣᠯᠵᠤ᠂  ᠬᠡᠷᠡᠭᠯᠡᠭᠡ  ᠨᠢ  ᠢᠯᠡᠷᠬᠡᠢ ᠨᠡᠮᠡᠭᠳᠡᠬᠦ  ᠬᠠᠨᠳᠤᠰᠢ  ᠲᠠᠢ  ᠪᠠᠶᠢᠭᠰᠠᠭᠠᠷ᠃  ᠡᠨᠡ  ᠨᠢ  ᠳᠤᠮᠳᠠᠳᠤ  ᠤᠯᠤᠰ ᠤᠨ ᠠᠷᠠᠳ 

ᠲᠦᠮᠡᠨ ᠤ ᠠᠮᠢᠳᠤᠷᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠳᠡᠯᠡᠬᠡᠢ ᠶᠢᠨ ᠡᠯ᠎ᠡ ᠤᠯᠤᠰ ᠲᠤ ᠬᠥᠭᠵᠢᠯᠲᠡ ᠶᠢᠨ  ᠨᠡᠩ  ᠶᠡᠭᠡ  ᠠᠵᠠ  ᠲᠣᠬᠢᠶᠠᠯ

ᠣᠯᠭᠤᠭᠰᠠᠨ ᠶᠤᠮ᠃ ᠢᠷᠡᠬᠦ ᠰᠠᠷ᠎ᠠ ᠳᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ  ᠪᠠᠷᠠᠭ᠎ᠠ ᠪᠦᠲᠦᠭᠡᠭᠳᠡᠬᠦᠨ ᠢ  ᠭᠠᠳᠠᠭᠠᠳᠤ ᠠᠴᠠ 

ᠣᠷᠣᠭᠤᠯᠬᠤ  ᠦᠵᠡᠰᠬᠦᠯᠡᠩ ᠨᠡᠭᠡᠭᠡᠭᠳᠡᠬᠦ  ᠪᠣᠯᠣᠨ᠎ᠠ᠂  ᠲᠤᠬᠠᠢ ᠶᠢᠨ  ᠦᠶ᠎ᠡ ᠳᠤ ᠦᠵᠡᠰᠬᠦᠯᠡᠩ ᠳᠤ ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ ᠪᠣᠯᠣᠨ

ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠠᠴᠠ 280 ᠠᠵᠤ ᠠᠬᠤᠶᠢᠯᠠᠯ ᠣᠷᠣᠯᠴᠠᠵᠤ᠂ ᠡᠳᠡᠭᠡᠷ ᠠᠵᠤ ᠠᠬᠤᠶᠢᠯᠠᠯ ᠤᠨ ᠣᠷᠣᠯᠴᠠᠵᠤ ᠥᠩᠭᠡᠷᠡᠭᠰᠡᠨ 

 ᠨᠢ ᠵᠠᠭᠤᠨ ᠤ 90 ᠳᠤ ᠬᠦᠷᠦᠭᠰᠡᠨ ᠪᠠᠶᠢᠨ᠎ᠠ᠃ ᠵᠢᠰᠢᠵᠦ  ᠪᠠᠶᠢᠬᠤ ᠪᠠᠷ᠂  ᠨᠡᠩ ᠣᠯᠠᠨ ᠤᠯᠤᠰ ᠤᠨ ᠰᠢᠯᠢᠳᠡᠭ ᠦᠢᠯᠡᠳᠬᠦᠨ‌‍ᠲ᠋ᠤᠮᠳᠠᠳᠤ ᠤᠯᠤᠰ ᠤᠨ ᠵᠠᠬ᠎ᠠ

ᠳᠡᠯᠭᠡᠭᠦᠷ ᠲᠤ ᠣᠷᠣᠵᠤ᠂ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠮᠵᠢᠯᠲᠠ ᠳᠤ ᠬᠦᠷᠬᠦ ᠨᠢ‌ᠯᠠᠪᠲᠠᠢ ᠶᠤᠮ᠃ ᠡᠭᠦᠨ ᠤ ᠬᠠᠮᠲᠤ ᠳᠤᠮᠳᠠᠳᠤ ᠤᠯᠤᠰ ᠨᠢ ᠪᠦᠬᠦ 

ᠳᠡᠯᠡᠬᠡᠢ ᠶᠢᠨ ᠴᠢᠬᠤᠯᠠ ᠬᠠᠩᠭᠠᠯᠭ᠎ᠠ ᠶᠢᠨ ᠡᠬᠢ ᠢᠷᠡᠯᠲᠡ ᠪᠣᠯᠣᠭᠰᠠᠨ ᠤ ᠬᠤᠪᠢ ᠳᠤ ᠲᠡᠭᠦᠨ ᠤ ᠪᠠᠶᠢᠷᠢ ᠰᠠᠭᠤᠷᠢ ᠶᠢ ᠣᠷᠣᠯᠠᠭᠤᠯᠵᠤ ᠪᠣᠯᠣᠰᠢ ᠦᠭᠡᠢ ᠶᠤᠮ᠃ 

ᠳᠤᠮᠳᠠᠳᠤ ᠤᠯᠤᠰ ᠪᠣᠯ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠵᠤ ᠦᠢᠯᠡᠰ ᠤᠨ ᠲᠥᠷᠥᠯ ᠵᠦᠢᠯ ᠤᠨ ᠳᠤᠮᠳᠠ ᠠᠵᠤ ᠦᠢᠯᠡᠳᠪᠦᠷᠢ ᠶᠢᠨ ᠪᠦᠬᠦ

ᠲᠥᠷᠥᠯ ᠵᠦᠢᠯ ᠢ ᠪᠦᠷᠢᠯᠳᠦᠭᠦᠯᠦᠭᠰᠡᠨ ᠴᠣᠷ ᠤᠨ  ᠭᠠᠭᠴᠠ  ᠤᠯᠤᠰ  ᠪᠣᠯᠣᠨ᠎ᠠ᠃ 

     ᠠᠵᠤ ᠦᠢᠯᠡᠳᠪᠦᠷᠢ ᠶᠢᠨ 500 ᠲᠥᠷᠥᠯ ᠤᠨ ᠴᠢᠬᠤᠯᠠ ᠦᠢᠯᠡᠳᠬᠦᠨ ᠤ  ᠳᠣᠲᠣᠷ᠎ᠠ ᠳᠤᠮᠳᠠᠳᠤ ᠤᠯᠤᠰ ᠤᠨ  ᠵᠠᠭᠤᠨ ᠤ  ᠳᠥᠴᠢ ᠭᠠᠷᠤᠢ ᠶᠢ ᠡᠵᠡᠯᠡᠬᠦ

ᠦᠢᠯᠡᠳᠬᠦᠨ ᠤ ᠭᠠᠷᠭᠠᠯᠲᠠ ᠨᠢ ᠳᠡᠯᠡᠬᠡᠢ ᠳᠤ  ᠨᠢᠭᠡᠳᠦᠭᠡᠷ ᠲᠤ ᠵᠢᠭᠰᠠᠵᠤ ᠤᠯᠤᠰ ᠤᠨ ᠰᠤᠳᠤᠯᠭᠠᠨ ᠤ ᠲᠥᠪ ᠭᠠᠵᠠᠷ ᠤᠨ ᠡᠷᠬᠢᠯᠡᠭᠴᠢ ᠪᠠᠷᠳᠢᠸᠢᠰᠣ᠋ ᠵᠢᠭᠠᠬᠤ ᠳᠠᠭᠠᠨ᠂

ᠪᠦᠬᠦ ᠳᠡᠯᠡᠬᠡᠢ ᠶᠢᠨ ᠦᠢᠯᠡᠳᠦᠨ ᠪᠦᠲᠦᠭᠡᠬᠦ ᠲᠣᠮᠣ ᠤᠯᠤᠰ᠂ ᠠᠵᠤ ᠠᠬᠤᠢ ᠵᠢᠨ‌‍ᠬᠦ᠋ᠴᠦᠷᠬᠡᠭ ᠤᠯᠤᠰ ᠪᠣᠯᠣᠭᠰᠠᠨ ᠤ ᠬᠤᠪᠢ ᠳᠤ᠂ ᠳᠤᠮᠳᠠᠳᠤ ᠤᠯᠤᠰ ᠤᠨ

ᠠᠷᠠᠯᠵᠢᠶᠠᠨ ᠤ ᠤᠷᠲᠤ  ᠬᠤᠭᠤᠴᠠᠭ᠎ᠠ ᠪᠠᠷ ᠬᠥᠭᠵᠢᠬᠦ‌ᠬᠠᠨᠳᠤᠰᠢ ᠬᠤᠪᠢᠷᠠᠬᠤ ᠦᠭᠡᠢ ᠶᠤᠮ᠂ ᠪᠦᠬᠦ ᠳᠡᠯᠡᠬᠡᠢ ᠶᠢᠨ ᠬᠠᠩᠭᠠᠯᠭ᠎ᠠ ᠶᠢᠨ ᠬᠡᠯᠬᠢᠶᠡᠨ ᠳᠠᠬᠢ  ᠳᠤᠮᠳᠠᠳᠤ 

ᠤᠯᠤᠰ ᠤᠨ  ᠪᠠᠶᠢᠷᠢ ᠰᠠᠭᠤᠷᠢ ᠶᠠᠪᠤᠬᠤ ᠲᠤᠰᠤᠮ᠎ᠠ ᠴᠢᠬᠤᠯᠠ ᠪᠣᠯᠣᠨ᠎ᠠ ᠭᠡᠵᠡᠢ᠃

ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ