ᠠᠷᠪᠠᠨ ᠵᠢᠯ ᠤᠨ ᠲᠤᠷᠰᠢ ᠮᠠᠨ ᠤ ᠤᠯᠤᠰ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠶᠡᠷᠦᠩᠬᠡᠢ ᠬᠡᠮᠵᠢᠶ᠎ᠠ ᠲᠡᠤᠭᠡᠳᠤ ᠴᠢᠨᠡᠷᠳᠡᠢ ᠰᠢᠪᠳᠤᠯᠤᠯᠳᠡ ᠶᠢ ᠪᠡᠶᠡᠯᠡᠭᠦᠯᠤᠯ᠎ᠡ
ᠨᠡᠶᠢᠲᠡᠯᠡᠭᠰᠡᠨ ᠴᠠᠭ᠄
2022/10/19
      ᠵᠠᠬ᠎ᠠ ᠲᠡᠯᠭᠡᠬᠦᠷ ᠢ ᠬᠢᠨᠠᠵᠤ ᠬᠠᠮᠢᠶᠠᠷᠬᠤ ᠶᠡᠷᠦᠩᠬᠡᠢ ᠲᠤᠪᠴᠢᠶᠠᠨ ᠤ 10 ᠤ ᠡᠳᠤᠷ ᠤᠨ ᠨᠡᠶᠢᠳᠡᠯᠡᠭᠰᠡᠨ ᠲᠤᠭ᠎ᠠ ᠪᠠᠷᠢᠮᠳᠠ ᠠᠴᠠ ᠦᠵᠡᠪᠡᠯ᠂ ᠠᠷᠪᠠᠨ ᠵᠢᠯ ᠤᠨ ᠲᠤᠷᠰᠢ ᠮᠠᠨ ᠤ ᠤᠯᠤᠰ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠶᠡᠷᠦᠩᠬᠡᠢ ᠬᠡᠮᠵᠢᠶ᠎ᠠ ᠲᠡᠤᠭᠡᠳᠤ ᠴᠢᠨᠡᠷᠳᠡᠢ ᠰᠢᠪᠳᠤᠯᠤᠯᠳᠡ ᠶᠢ ᠪᠡᠶᠡᠯᠡᠬᠦᠯᠵᠦ᠂ ᠵᠠᠬ᠎ᠠ ᠲᠡᠯᠭᠡᠬᠦᠷ ᠤᠨ 1 ᠳ᠋ᠦᠩᠰᠢᠭᠤᠷ  ᠭᠠᠷᠤᠢ ᠡᠷᠦᠬᠡ ᠨᠢ ᠴᠡᠪᠡᠷ ᠨᠡᠮᠡᠭᠳᠡᠯ ᠲᠠᠢ ᠪᠤᠯᠤᠭᠰᠠᠨ ᠪᠠᠶᠢᠨ᠎ᠠ᠃                     2022 ᠤᠨ ᠤ 8 ᠳ᠋ᠤᠭᠠᠷ ᠰᠠᠷ᠎ᠠ ᠶᠢᠨ ᠰᠡᠬᠦᠯᠴᠢ ᠪᠤᠯᠲᠠᠯ᠎ᠠ᠂ ᠮᠠᠨ ᠤ  ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠡᠯ 2012 ᠤᠨ ᠤ ᠰᠡᠬᠦᠯᠴᠢ ᠳᠤ 1000 ᠭᠠᠷᠤᠢ ᠲᠦᠮᠡ ᠪᠠᠶᠢᠭᠰᠠᠨ ᠠᠴᠠ ᠪᠠᠨ ᠨᠡᠮᠡᠭᠳᠡᠭᠡᠳ 4700 ᠭᠠᠷᠤᠢ ᠲᠦᠮᠡ ᠳᠤ ᠬᠦᠷᠴᠦ᠂ ᠬᠤᠶᠠᠷ ᠲᠠᠬᠢᠨ ᠢᠯᠡᠬᠦᠦ ᠪᠠᠷ ᠨᠡᠮᠡᠭᠳᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠡᠯ ‍ᠤᠨ‌ᠡᠵᠡᠯᠡᠬᠦ ᠬᠠᠷᠢᠴᠡᠯ 8 ᠲᠠᠬᠢᠨ ᠳᠤ ᠬᠦᠷᠬᠦ ᠦᠬᠡᠢ ᠪᠠᠶᠢᠭᠰᠠᠨ ᠠᠴᠠ ᠪᠠᠨ ᠲᠡᠭᠡᠭᠰᠢᠯᠡᠭᠡᠳ 9 ᠲᠠᠬᠢᠨ ᠭᠠᠷᠤᠢ ᠳᠤ ᠬᠦᠷᠦᠭᠰᠡᠨ ᠪᠠᠶᠢᠨ᠎ᠠ᠃ ᠪᠦᠬᠦᠯᠢ ᠴᠤᠭᠴᠠ ᠶᠢᠨ ᠪᠤᠳᠠᠳᠤ ᠬᠦᠴᠦᠨ ᠴᠦ ᠶᠡᠬᠡᠪᠡᠷ ᠴᠢᠩᠭᠠᠷᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠡᠯ‌ᠵᠠᠯᠭᠠᠪᠡᠷ ᠪᠦᠬᠦ ᠲᠡᠯᠡᠬᠡᠢ ᠶᠢᠨ 500 ᠬᠦᠴᠦᠷᠭᠡᠭ ᠠᠵᠤ ᠠᠬᠤᠶᠢᠯᠡᠯ ᠤᠨ ᠵᠢᠭᠰᠠᠭᠠᠯᠳᠠ ᠳᠤ ᠤᠷᠤᠭᠰᠠᠨ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ