ᠸᠠᠩ ᠵᠢᠶᠦ᠋ᠨ ᠵᠢᠶᠧ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/24
      10 ᠰᠠᠷ᠎ᠠ ᠶᠢᠨ 18 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠡᠷᠳᠡᠨᠢᠪᠤᠯᠠᠭ ᠰᠤᠮᠤᠨ ᠳᠤ ᠬᠦᠷᠴᠦ  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠸᠠᠩ ᠵᠢᠶᠦ᠋ᠨ ᠵᠢᠶᠸ ᠨᠠᠷ ᠡᠩ ᠲᠡᠷᠢᠭᠦᠨ ᠳᠤ  ᠮᠧᠩ ᠨᠢᠦ ᠳᠡᠭᠡᠳᠦ ᠲᠡᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ᠂ ᠪᠠᠶᠢᠭᠤᠯᠵᠤ ᠪᠠᠶᠢᠭ᠎ᠠ ᠪᠠ ᠰᠢᠨ᠎ᠡ ᠪᠠᠷ ᠪᠠᠶᠢᠭᠤᠯᠵᠤ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠦᠬᠡᠷ ᠤᠨ ᠢᠷᠡᠯᠲᠡ ᠶᠢ ᠬᠤᠳᠠᠯᠳᠤᠨ ᠠᠪᠬᠤ᠂ ᠲᠠᠯᠠᠪᠠᠢ ᠳᠤ ᠣᠷᠣᠬᠤ ᠴᠠᠭ᠂ ᠡᠪᠡᠰᠦ ᠪᠣᠷᠳᠤᠭ᠎ᠠ ᠲᠠᠷᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠲᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ︔ ᠡᠯ᠎ᠡ ᠮᠠᠯᠵᠢᠯ ᠤᠨ ᠲᠠᠯᠠᠪᠠᠶ ᠶᠢᠨ ᠦᠬᠡᠷ ᠨᠡᠮᠡᠭᠳᠡᠭᠰᠡᠨ ᠪᠠᠶᠢᠳᠠᠯ ᠢ ᠴᠠᠭ ᠲᠤᠬᠠᠢ ᠳᠤᠨᠢ ᠲᠣᠬᠢᠷᠠᠭᠤᠯᠵᠤ᠂ ᠵᠠᠬᠢᠶᠠᠯᠠᠨ ᠬᠤᠳᠠᠯᠳᠤᠵᠤ ᠠᠪᠤᠭᠰᠠᠨ ᠦᠬᠡᠷ ᠤᠨ ᠢᠷᠡᠯᠲᠡ ᠶᠢ ᠲᠥᠯᠥᠪᠯᠡᠭᠡ ᠶᠣᠰᠣᠭᠠᠷ ᠲᠣᠭᠲᠠᠭᠰᠠᠨ ᠬᠤᠭᠤᠴᠠᠭᠠᠨ ᠳᠠᠭᠠᠨ ᠲᠠᠯᠠᠪᠠᠶ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠳᠤᠷᠠᠳᠪᠠ᠃     ᠬᠤᠸᠠ  ᠲᠦᠸᠧ ᠠᠭᠤᠷᠬᠠᠢ ᠶᠢᠨ ᠦᠢᠯᠡᠰ ᠤᠨ ᠭᠦᠨᠬᠤᠳᠳᠤᠭ ᠤᠨ ᠲᠡᠮᠦᠷ ᠤᠨ ᠠᠭᠤᠷᠬᠠᠢ ᠳᠤ᠂ 15 ᠲᠦᠮᠡᠨ ᠺᠢᠯᠣᠸᠠᠲ ᠤᠨ ︽ᠭᠡᠷᠡᠯ ᠸᠣᠯᠲ + ᠠᠮᠢ ᠠᠬᠤᠢ ᠶᠢᠨ ᠵᠠᠰᠠᠯᠲᠠ︾ ᠶᠢᠨ ᠲᠦᠷᠦᠯ ᠵᠦᠢᠯ ᠤᠨ ᠠᠩᠬ᠎ᠠ ᠠᠯᠬᠤᠮ ᠤᠨ ᠭᠠᠵᠠᠷ ᠰᠣᠩᠭᠤᠭᠰᠠᠨ ᠲᠤᠬᠠᠢ ᠶᠢᠨ ᠲᠠᠯᠠᠪᠠᠢ ᠳᠤ᠂ ᠸᠠᠩ ᠵᠢᠶᠦ᠋ᠨ  ᠵᠢᠶᠧ ᠪᠠᠶᠢᠳᠠᠯ ᠢ ᠠᠰᠠᠭᠤᠵᠤ᠂ ᠲᠤᠬᠠᠢ ᠶᠢᠨ ᠲᠠᠯᠠᠪᠠᠢ ᠶᠢ ᠦᠵᠡᠵᠦ᠂ ᠬᠠᠮᠤᠭ ᠤᠨ ᠰᠢᠨ᠎ᠡ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠸᠠᠩ ᠵᠢᠶᠦ᠋ᠨ ᠵᠢᠶᠧ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠴᠡᠭᠴᠡᠯᠡᠨ ᠥᠭᠡᠷᠡᠴᠢᠯᠡᠬᠦ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠠᠬᠢᠴᠠ ᠪᠠᠨ ᠲᠦᠷᠭᠡᠳᠬᠡᠨ᠂ ᠡᠷᠡᠰ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠭᠴᠡᠯᠡᠨ ᠥᠭᠡᠷᠡᠴᠢᠯᠡᠬᠦ ᠡᠭᠦᠷᠭᠡ ᠶᠢ ᠴᠠᠭ ᠬᠤᠭᠤᠴᠠᠭ᠎ᠠ ᠶᠢᠨ ᠬᠢᠵᠠᠭᠠᠷ ᠶᠣᠰᠣᠭᠠᠷ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠠᠭᠤᠷᠬᠠᠢ ᠶᠢᠨ ᠵᠠᠰᠠᠯᠲᠠ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ︽ᠬᠡᠷᠡᠯ ᠸᠣᠯᠲ + ᠠᠮᠢ ᠠᠬᠤᠢ ᠶᠢᠨ ᠵᠠᠰᠠᠯᠲᠠ︾ ᠶᠢᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠬᠦ ᠬᠡᠷᠡᠭᠲᠡᠢ᠃     ᠳᠠᠷᠠᠭ᠎ᠠ ᠨᠢ᠂ ᠸᠠᠩ ᠵᠢᠶᠦ᠋ᠨ ᠵᠢᠶᠧ ᠨᠠᠷ  ᠠᠷᠴᠠ ᠭᠠᠴᠠᠭ᠎ᠠ ᠶᠢᠨ ᠮᠠᠯᠴᠢᠳ ᠤᠨ ᠭᠡᠷ ᠲᠤ ᠢᠷᠡᠵᠤ᠂ ᠰᠡᠳᠬᠢᠯ  ᠢ ᠳᠤᠯᠠᠭᠠᠴᠠᠭᠤᠯᠬᠤ ᠬᠢᠮᠳᠠᠷᠠᠯ ᠲᠠᠢ ᠨᠡᠭᠦᠷᠡᠰᠦ ᠲᠦᠭᠡᠭᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂  ᠬᠢᠮᠳᠠᠷᠠᠯ ᠲᠠᠢ ᠨᠡᠭᠦᠷᠡᠰᠦᠨ ᠤ ᠶᠠᠰᠤ ᠴᠢᠨᠠᠷ ᠢ ᠪᠠᠶᠢᠴᠠᠭᠠᠨ ᠦᠵᠡᠵᠦ᠂ ᠨᠡᠭᠦᠷᠡᠰᠦᠨ ᠤ ᠦᠨ᠎ᠡ ᠵᠢᠴᠢ ᠳᠤᠯᠠᠭᠠᠯᠠᠭ᠎ᠠ ᠶᠢᠨ ᠦᠷ᠎ᠡ ᠪᠦᠲᠦᠮᠵᠢ ᠶᠢ ᠯᠠᠪᠯᠠᠨ ᠠᠰᠠᠭᠤᠪᠠ᠃ ᠰᠤᠮᠤ ᠪᠠᠯᠭᠠᠰᠤ ᠶᠢᠨ ᠬᠢᠨ ᠤᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠤᠯᠠᠨ ᠲᠦᠮᠡᠨ ᠤ ᠠᠵᠢᠯ ᠢ ᠪᠣᠳᠠᠲᠠᠢ ᠠᠳᠬᠤᠵᠤ᠂ ᠭᠦᠨᠵᠡᠭᠡᠢ ᠠᠳᠬᠤᠵᠤ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠪᠠᠲᠤᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠤᠯᠠᠨ ᠲᠦᠮᠡᠨ ᠤ ᠬᠠᠶᠢᠷ᠎ᠠ ᠬᠠᠯᠠᠮᠵᠢ ᠶᠢ ᠦᠨᠡᠨᠬᠦ ᠤᠯᠠᠨ ᠲᠦᠮᠡᠨ ᠤ ᠰᠡᠳᠬᠢᠯ ᠳᠤ ᠬᠦᠷᠭᠡᠬᠦ ᠬᠡᠷᠡᠭᠲᠡᠢ ᠭᠡᠵᠦ ᠵᠠᠬᠢᠪᠠ᠃     ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠸᠠᠩ ᠴᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ ᠵᠢᠴᠢ ᠡᠷᠳᠡᠨᠢᠪᠤᠯᠠᠭ ᠰᠤᠮᠤ᠂ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ  ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ