ᠣᠮᠪᠣᠯᠣ ᠨᠢ ᠡᠪᠦᠭᠡ ᠶᠢᠨ ᠢᠶᠠᠨ ᠥᠪ ᠬᠥᠷᠥᠩᠭᠡ ᠶᠢ ᠵᠠᠯᠭᠠᠮᠵᠢᠯᠠᠵᠤ ᠪᠣᠯᠤᠨ᠎ᠠ ᠦᠦ︖
ᠨᠡᠶᠢᠲᠡᠯᠡᠭᠰᠡᠨ ᠴᠠᠭ᠄
2022/10/26
       ᠬᠡᠷᠡᠭ ᠤᠨ ᠵᠢᠱᠢᠶ᠎ᠡ              ᠸᠠᠩ ᠡᠪᠦᠭᠡ ᠭᠡᠨᠡᠳᠲᠡ ᠨᠠᠰᠤ ᠪᠠᠷᠠᠵᠠᠢ᠂ ᠲᠡᠷᠡ ᠠᠮᠢᠳᠤ ᠰᠡᠷᠡᠭᠦᠨ ᠪᠠᠶᠢᠬᠤ ᠳᠠᠭᠠᠨ ᠭᠡᠷᠢᠶᠡᠰ ᠦᠯᠡᠳᠡᠭᠡᠭᠰᠡᠨ ᠦᠭᠡᠢ ᠪᠣᠯᠬᠤᠷ ᠨᠢᠭᠡ ᠭᠡᠷ ᠤᠨ ᠬᠥᠮᠦᠰ ᠸᠠᠩ ᠨᠠᠰᠤᠲᠠᠨ ᠤ ᠥᠪ ᠬᠥᠷᠤᠩᠭᠡ ᠶᠢᠨ ᠲᠤᠯᠠᠳᠠ ᠲᠦᠢᠯ ᠤᠨ ᠶᠡᠭᠡ ᠪᠠᠷ ᠮᠠᠷᠭᠤᠯᠳᠤᠵᠠᠢ᠃ ᠤᠯᠠᠨ ᠳᠤ ᠣᠮᠲᠣᠭᠠᠶᠢᠯᠠᠭᠳᠠᠭᠰᠠᠭᠠᠷ ᠢᠷᠡᠭᠰᠡᠨ ᠸᠠᠩ ᠡᠪᠦᠭᠡ ᠶᠢᠨ ᠣᠮᠪᠣᠯᠣ ᠰᠢᠶᠤᠤ ᠸᠠᠩ ᠭᠡᠨᠡᠳᠲᠡ ᠭᠠᠷᠴᠤ ᠢᠷᠡᠭᠡᠳ᠄ ︽ᠡᠪᠦᠭᠡ ᠠᠮᠢᠳᠤ ᠰᠡᠷᠡᠭᠦᠨ ᠪᠠᠶᠢᠬᠤ ᠳᠠᠭᠠᠨ ᠨᠠᠮᠠᠶᠢ ᠬᠠᠮᠤᠭ ᠠᠴᠠ ᠢᠯᠡᠭᠦᠦ ᠰᠠᠨᠠᠳᠠᠭ᠂ ᠶᠠᠮᠠᠷ ᠴᠤ ᠠᠮᠲᠠᠲᠤ ᠢᠳᠡᠭᠡᠨ ᠢ ᠪᠦᠷ ᠤᠷᠢᠳ ᠢᠶᠠᠷ ᠨᠠᠳᠠ ᠳᠤ ᠥᠭᠳᠡᠭ᠂ ᠡᠶᠢᠮᠦ ᠠᠴᠠ ᠪᠢ ᠡᠪᠦᠭᠡ ᠶᠢᠨ ᠥᠪ ᠬᠥᠷᠤᠩᠭᠡ ᠶᠢ ᠵᠠᠯᠭᠠᠮᠵᠢᠯᠠᠬᠤ ᠨᠢ ᠬᠠᠮᠤᠭ ᠤᠨ ᠵᠤᠬᠢᠷᠠᠮᠵᠢᠲᠠᠢ ᠶᠤᠮ︾ ᠭᠡᠯ᠎ᠡ᠃      ᠣᠮᠪᠣᠯᠣ ᠪᠣᠯᠤᠭᠰᠠᠨ ᠰᠢᠶᠤᠤ ᠸᠠᠩ ᠡᠪᠦᠭᠡ ᠶᠢᠨ ᠢᠶᠠᠨ ᠥᠪ ᠬᠥᠷᠤᠩᠭᠡ ᠶᠢ ᠵᠠᠯᠭᠠᠮᠵᠢᠯᠠᠬᠤ ᠪᠣᠯᠤᠯᠴᠠᠭ᠎ᠠ ᠲᠠᠢ ᠦᠦ︖     ᠬᠠᠤᠯᠢ ᠢᠶᠠᠷ ᠲᠠᠶᠢᠯᠪᠤᠷᠢᠯᠠᠬᠤ  ᠨᠢ           ᠪᠤᠯᠤᠮᠵᠢ  ᠲᠠᠢ᠃  ᠢᠷᠭᠡᠨ ᠤ ᠬᠠᠤᠯᠢ ᠶᠢᠨ ᠪᠢᠴᠢᠭ ᠤᠨ ᠵᠠᠭᠤ ᠬᠤᠷᠢᠨ ᠨᠠᠢᠮᠠᠳᠤᠭᠠᠷ ᠵᠦᠢᠯ ᠳᠤ᠂ ᠥᠪ ᠵᠠᠯᠭᠠᠮᠵᠢᠯᠠᠭᠤᠯᠤᠭᠴᠢ ᠶᠢᠨ ᠦᠷ᠎ᠡ ᠬᠡᠦᠬᠡᠳ ᠨᠢ ᠥᠪ ᠵᠠᠯᠭᠠᠮᠵᠢᠯᠠᠭᠤᠯᠤᠭᠴᠢ ᠠᠴᠠ ᠡᠮᠦᠨ᠎ᠡ ᠦᠬᠦᠭᠰᠡᠨ ᠪᠠᠶᠢᠪᠠᠯ᠂ ᠥᠪ ᠵᠠᠯᠭᠠᠮᠵᠢᠯᠠᠭᠤᠯᠤᠭᠴᠢ ᠶᠢᠨ  ᠦᠷ᠎ᠡ ᠬᠡᠦᠬᠡᠳ ᠤᠨ ᠰᠢᠭᠤᠳ ᠴᠢᠰᠤᠨ‌‍ᠲ᠋ᠦ᠋ᠷᠦᠯ ᠨᠢ ᠣᠷᠣᠯᠠᠨ ᠵᠠᠯᠭᠠᠮᠵᠢᠯᠠᠨ᠎ᠠ ᠭᠡᠵᠦ ᠲᠣᠭᠲᠠᠭᠠᠵᠠᠢ᠃ ᠥᠪ ᠵᠠᠯᠭᠠᠮᠵᠢᠯᠠᠭᠤᠯᠤᠭᠴᠢ ᠶᠢᠨ ᠠᠬ᠎ᠠ ᠳᠡᠭᠦᠦ ᠡᠭᠡᠴᠢ ᠥᠬᠢᠨ ᠳᠡᠭᠦᠦ ᠨᠢ ᠥᠪ ᠵᠠᠯᠭᠠᠮᠵᠢᠯᠠᠭᠤᠯᠤᠭᠴᠢ ᠠᠴᠠ ᠡᠮᠦᠨ᠎ᠡ ᠦᠬᠦᠭᠰᠡᠨ ᠪᠠᠶᠢᠪᠠᠯ᠂  ᠥᠪ ᠵᠠᠯᠭᠠᠮᠵᠢᠯᠠᠭᠤᠯᠤᠭᠴᠢ ᠶᠢᠨ ᠠᠬ᠎ᠠ ᠳᠡᠭᠦᠦ ᠡᠭᠡᠴᠢ ᠥᠬᠢᠨ ᠳᠡᠭᠦᠦ ᠶᠢᠨ ᠦᠷ᠎ᠡ ᠬᠡᠦᠬᠡᠳ ᠨᠢ ᠣᠷᠣᠯᠠᠨ ᠵᠠᠯᠭᠠᠮᠵᠢᠯᠠᠨ᠎ᠠ᠃ ᠣᠷᠣᠯᠠᠨ ᠵᠠᠯᠭᠠᠮᠵᠢᠯᠠᠭᠴᠢ ᠨᠢ ᠡᠩ ᠤᠨ ᠪᠠᠶᠢᠳᠠᠯ ᠳᠤ ᠣᠷᠣᠯᠠᠭᠳᠠᠭᠴᠢ ᠶᠢᠨ ᠵᠠᠯᠭᠠᠮᠵᠢᠯᠠᠬᠤ ᠡᠷᠬᠡ ᠲᠠᠢ ᠥᠪ ᠬᠥᠷᠤᠩᠭᠡ ᠶᠢᠨ ᠬᠤᠪᠢ ᠶᠢ ᠯᠠ ᠵᠠᠯᠭᠠᠮᠵᠢᠯᠠᠵᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ