ᠦᠷ᠎ᠡ ᠬᠡᠦᠬᠡᠳ ᠨᠢ ᠨᠠᠰᠤᠲᠠᠨ ᠢᠶᠠᠨ ᠠᠴᠢᠯᠠᠨ ᠲᠡᠵᠢᠭᠡᠬᠦ ᠦᠭᠡᠢ ᠪᠣᠯ ᠥᠪ ᠬᠥᠷᠤᠩᠭᠡ ᠶᠢ ᠵᠠᠯᠭᠠᠮᠵᠢᠯᠠᠵᠤ ᠪᠣᠯᠬᠤ ᠦᠦ︖
ᠨᠡᠶᠢᠲᠡᠯᠡᠭᠰᠡᠨ ᠴᠠᠭ᠄
2022/10/26
       ᠯᠢ ᠣᠪᠣᠭᠲᠤ ᠭᠤᠷᠪᠠᠨ ᠬᠡᠤᠬᠡᠳ ᠲᠠᠢ᠂ ᠬᠤᠶᠠᠳᠤᠭᠠᠷ ᠥᠬᠢᠨ ᠪᠣᠯᠤᠨ ᠭᠤᠷᠪᠠᠳᠤᠭᠠᠷ ᠬᠦᠦ ᠨᠢ ᠡᠴᠢᠭᠡ ᠡᠬᠡ ᠲᠠᠢ ᠪᠠᠨ ᠬᠡᠷᠡᠯᠳᠦᠵᠦ ᠰᠢᠭᠦᠬᠦ ᠳᠤ ᠬᠦᠷᠴᠤ ᠦᠩᠭᠡᠷᠡᠭᠰᠡᠨ ᠪᠠᠶᠢᠨ᠎ᠠ᠃ ᠲᠡᠭᠦᠨ ᠠᠴᠠ ᠬᠤᠶᠢᠰᠢ ᠤᠯᠡᠠ ᠵᠢᠯ ᠤᠨ ᠲᠤᠷᠰᠢ᠂ ᠬᠤᠶᠠᠳᠤᠭᠠᠷ ᠥᠬᠢᠨ ᠪᠠ ᠭᠤᠷᠪᠠᠳᠤᠭᠠᠷ ᠬᠦᠦ ᠨᠢ ᠡᠴᠢᠭᠡ ᠡᠭᠡ ᠪᠠᠨ ᠠᠴᠢᠯᠠᠨ ᠲᠡᠵᠢᠭᠡᠬᠦ ᠡᠭᠦᠷᠭᠡ ᠪᠠᠨ ᠲᠡᠬᠢᠵᠦ ᠭᠦᠢᠴᠡᠳᠬᠡᠭᠰᠡᠨ ᠤᠢᠭᠡᠢ᠂ ᠰᠡᠭᠦᠯᠡᠷ ᠨᠢ ᠬᠠᠷᠢᠴᠠᠭ᠎ᠠ ᠨᠢ ᠪᠠᠭ᠋ᠠᠨ ᠰᠠᠶᠢᠵᠢᠷᠠᠭᠰᠠᠨ ᠪᠣᠯᠪᠠᠴᠤ ᠡᠴᠢᠭᠡ ᠡᠭᠡ ᠨᠢ ᠨᠠᠰᠤ ᠪᠠᠷᠠᠲᠠᠯ᠎ᠠ ᠪᠠᠨ ᠶᠡᠭᠡ ᠥᠬᠢᠨ ᠤ ᠳᠠᠭᠠᠨ ᠰᠠᠭᠤᠵᠤ᠂ ᠶᠡᠭᠡ ᠥᠬᠢᠨ ᠨᠢ ᠬᠠᠷᠠᠭᠠᠯᠵᠠᠬᠤ ᠪᠣᠯᠵᠠᠢ᠃        ᠡᠴᠢᠭᠡ ᠡᠬᠡ ᠵᠢᠨ‌ᠥᠪ ᠬᠥᠷᠥᠩᠭᠡ ᠶᠢ ᠪᠠᠰᠠ ᠬᠤᠶᠠᠳᠤᠭᠠᠷ ᠥᠬᠢᠨ ᠪᠠ ᠭᠤᠷᠪᠠᠳᠤᠭᠠᠷ ᠬᠦᠦ ᠳᠤ ᠬᠤᠪᠢᠶᠠᠨ ᠥᠭᠴᠦ ᠪᠣᠯᠤᠨ᠎ᠠ ᠦᠦ︖              ᠬᠠᠤᠯᠢ ᠢᠶᠠᠷ ᠲᠠᠶᠢᠯᠪᠤᠷᠢᠯᠠᠬᠤ ᠨᠢ              ᠬᠤᠪᠢᠶᠠᠬᠤ ᠦᠭᠡᠢ ᠪᠤᠶᠤ ᠪᠠᠭ᠎ᠠ ᠬᠤᠪᠢᠶᠠᠪᠠᠯ ᠵᠣᠬᠢᠨ᠎ᠠ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠭᠤᠴᠢᠳᠤᠭᠠᠷ ᠵᠦᠢᠯ ᠳᠤ᠂ ᠠᠳᠠᠯᠢ ᠨᠢᠭᠡᠨ ᠳᠡᠰ ᠳᠠᠷᠠᠭᠠᠯᠠᠯ ᠤᠨ ᠥᠪ ᠵᠠᠯᠭᠠᠮᠵᠢᠯᠠᠭᠴᠢ ᠶᠢᠨ ᠥᠪ ᠬᠦᠷᠦᠩᠭᠡ ᠵᠠᠯᠭᠠᠮᠵᠢᠯᠠᠬᠤ ᠬᠤᠪᠢ ᠶᠢ ᠡᠩ ᠤᠨ ᠪᠠᠶᠢᠳᠠᠯ ᠳᠤ ᠠᠳᠠᠯᠢ ᠲᠡᠭᠰᠢ ᠪᠠᠶᠢᠯᠭᠠᠬᠤ ᠬᠡᠷᠡᠭᠲᠡᠢ ᠭᠡᠵᠦ ᠲᠣᠭᠲᠠᠭᠠᠵᠠᠢ᠃ ᠠᠮᠢᠳᠤᠷᠠᠯ ᠨᠢ ᠣᠨᠴᠠᠭᠠᠢ ᠬᠦᠴᠢᠷᠳᠡᠯ ᠲᠠᠢ ᠮᠥᠷᠲᠡᠭᠡᠨ ᠬᠥᠳᠡᠯᠮᠦᠷᠢᠯᠡᠬᠦ ᠴᠢᠳᠠᠪᠤᠷᠢ ᠪᠠᠷ ᠳᠤᠲᠠᠮᠠᠭ ᠥᠪ ᠵᠠᠯᠭᠠᠮᠵᠢᠯᠠᠭᠴᠢ ᠳᠤ ᠥᠪ ᠬᠥᠷᠤᠩᠭᠡ ᠬᠤᠪᠢᠶᠠᠬᠤ ᠳᠠᠭᠠᠨ ᠬᠠᠷᠠᠭᠠᠯᠵᠠᠯ ᠦᠵᠡᠭᠦᠯᠬᠦ ᠬᠡᠷᠡᠭᠲᠡᠢ᠃ ᠥᠪ ᠵᠠᠯᠭᠠᠮᠵᠢᠯᠠᠭᠤᠯᠤᠭᠴᠢ ᠶᠢ ᠠᠰᠠᠷᠠᠨ ᠲᠡᠵᠢᠭᠡᠬᠦ ᠭᠤᠣᠯ ᠡᠭᠦᠷᠭᠡ ᠶᠢ ᠭᠦᠢᠴᠡᠳᠬᠡᠭᠰᠡᠨ ᠪᠤᠶᠤ ᠥᠪ ᠵᠠᠯᠭᠠᠮᠵᠢᠯᠠᠭᠤᠯᠤᠭᠴᠢ‌‍ᠲ᠋ᠠᠢ ᠬᠠᠮᠲᠤ ᠠᠮᠢᠳᠤᠷᠠᠵᠤ ᠪᠠᠶᠢᠭᠰᠠᠨ ᠥᠪ ᠵᠠᠯᠭᠠᠮᠵᠢᠯᠠᠭᠴᠢ ᠳᠤ ᠥᠪ ᠬᠦ᠋ᠷᠦᠩᠭᠡ ᠬᠤᠪᠢᠶᠠᠬᠤ ᠳᠠᠭᠠᠨ ᠢᠯᠡᠭᠦᠦ ᠥᠭᠴᠦ ᠪᠣᠯᠤᠨ᠎ᠠ᠃  ᠠᠰᠠᠷᠠᠨ ᠲᠡᠵᠢᠭᠡᠬᠦ ᠴᠢᠳᠠᠪᠤᠷᠢ ᠲᠠᠢ ᠪᠥᠭᠡᠳ ᠠᠰᠠᠷᠠᠨ ᠲᠡᠵᠢᠭᠡᠬᠦ ᠨᠥᠬᠦᠴᠡᠯ ᠲᠠᠢ ᠥᠪ ᠵᠠᠯᠭᠠᠮᠵᠢᠯᠠᠭᠴᠢ ᠠᠰᠠᠷᠠᠨ ᠲᠡᠵᠢᠭᠡᠬᠦ  ᠡᠭᠦᠷᠭᠡ ᠪᠠᠨ ᠭᠦᠢᠴᠡᠳᠬᠡᠭᠰᠡᠨ ᠦᠭᠡᠢ ᠪᠣᠯ ᠥᠪ ᠬᠦ᠋ᠷᠦᠩᠭᠡ ᠬᠤᠪᠢᠶᠠᠬᠤ ᠳᠠᠭᠠᠨ ᠥᠭᠬᠦ ᠦᠭᠡᠢ ᠪᠤᠶᠤ ᠳᠤᠲᠠᠭᠤ ᠥᠭᠬᠦ ᠬᠡᠷᠡᠭᠲᠡᠢ᠃ ᠥᠪ ᠵᠠᠯᠭᠠᠮᠵᠢᠯᠠᠭᠴᠢᠳ ᠵᠥᠪᠯᠡᠵᠦ ᠵᠥᠪᠰᠢᠶᠡᠷᠡᠭᠰᠡᠨ ᠪᠠᠶᠢᠪᠠᠯ ᠲᠡᠭᠰᠢ ᠪᠤᠰᠤ ᠪᠠᠶᠢᠵᠤ ᠴᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ