ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ ᠴᠢᠩᠭᠠᠷᠠᠭᠤᠯᠵᠤ᠂ ᠬᠡᠷᠡᠭᠯᠡᠭᠴᠢᠳ ᠤᠨ ᠮᠥᠩᠭᠦᠨ | ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ ᠳᠦᠷᠢᠮ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ︽ᠬᠤᠪᠢ ᠬᠥᠮᠥᠨ ᠤ ᠮᠥᠩᠭᠦᠨ | ᠭᠦᠢᠯᠭᠡᠭᠡᠨ ᠤ ᠰᠤᠷᠠᠭ ᠵᠠᠩᠭᠢ ︵ᠲᠤᠭ᠎ᠠ ᠪᠠᠷᠢᠮᠲᠠ︶ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠬᠢ ᠶᠢᠨ ᠳᠦᠷᠢᠮ ᠲᠣᠭᠲᠠᠭᠠᠯ | ᠠᠵᠢᠯ ᠤᠨ ᠲᠥᠯᠥᠪᠯᠡᠭᠡ ᠳᠤ ᠣᠷᠣᠭᠤᠯᠵᠤ᠂ ︽ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠦ᠋ᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠬᠡᠷᠡᠭᠵᠢᠭᠦᠯᠬᠦ ᠠᠷᠭ᠎ᠠ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ ᠨᠢ ᠤᠤᠯ ᠤᠨ ᠪᠠᠶᠢᠭᠰᠠᠨ | ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠳᠦᠷᠢᠮ ᠤᠨ ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ | ᠂ ᠬᠡᠷᠡᠭᠯᠡᠬᠦ᠂ ᠬᠠᠮᠢᠶᠠᠷᠬᠤ᠂ ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ ᠬᠡᠷᠡᠭᠯᠡᠭᠴᠢᠳ ᠤᠨ ᠮᠥᠩᠭᠦᠨ | ᠭᠦᠢᠯᠭᠡᠭᠡᠨ ᠤ ᠰᠤᠷᠠᠭ ᠵᠠᠩᠭᠢ ᠳᠤ ᠶᠡᠷᠦᠳᠡᠭᠡᠨ ᠬᠤᠪᠢ ᠬᠥᠮᠥᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ᠂ ᠡᠳ᠋ ᠬᠥᠷᠥᠩᠭᠡ ᠶᠢᠨ ᠰᠤᠷᠠᠭ ᠵᠠᠩᠭᠢ᠂ ᠳᠠᠩᠰᠨ | ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠥᠩᠭᠦᠨ ᠭᠦᠢᠯᠭᠡᠭᠡᠨ ᠤ ᠰᠣᠯᠢᠯᠴᠠᠭᠠᠨ ᠤ ᠰᠤᠷᠠᠭ ᠵᠠᠩᠭᠢ ᠪᠣᠯᠣᠨ ᠬᠤᠪᠢ ᠬᠥᠮᠥᠨ ᠤ ᠪᠤᠰᠤᠳ | ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ | ᠪᠣᠯᠣᠨ ᠭᠡᠷ ᠪᠦᠯᠢ᠂ ᠰᠠᠳᠤᠨ ᠲᠦᠷᠦᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠵᠤ ᠮᠡᠳᠡᠨ᠎ᠡ᠃ | ᠡᠶᠢᠮᠦ ᠶᠢᠨ ᠲᠤᠯᠠᠳᠠ᠂ ᠬᠤᠪᠢ ᠬᠥᠮᠥᠨ ᠤ ᠮᠦ᠋ᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠳᠤ ᠳᠣᠣᠷᠠᠬᠢ ᠲᠤᠯᠤᠭᠠᠨ ᠲᠠᠯ᠎ᠠ ᠶᠢ ᠭᠤᠣᠯᠳᠠᠯᠭ᠎ᠠ ᠲᠠᠢ | ᠡᠵᠡᠮᠳᠡᠬᠦ ᠪᠣᠯᠪᠠ ᠦᠦ ᠭᠡᠵᠦ ᠲᠥᠪ ᠪᠠᠩᠬᠢ ᠰᠠᠨᠠᠭᠤᠯᠵᠤ ᠪᠠᠶᠢᠨ᠎ᠠ᠄ ᠨᠢᠭᠡ ᠳᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ ᠪᠠᠩᠬᠢ ᠶᠢᠨ ᠳᠠᠩᠰᠠ ᠵᠡᠷᠭᠡ ᠪᠠᠨ | ᠰᠠᠶᠢᠲᠤᠷ ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔ ᠬᠤᠶᠠᠷ ᠲᠤ ᠮᠥᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠥᠷᠥᠩᠭᠡ ᠶᠢᠨ | ᠪᠠᠶᠢᠳᠠᠯ ᠵᠡᠷᠭᠡ ᠦᠨᠳᠦᠰᠦᠨ ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠤ ᠭᠠᠳᠠᠨ᠎ᠠ | ᠬᠤᠪᠢ ᠬᠥᠮᠥᠨ ᠤ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠳᠤᠷ᠎ᠠ ᠪᠠᠷ ᠢᠶᠠᠨ ᠦᠯᠡᠳᠡᠭᠡᠵᠦ ᠪᠤᠯᠬᠤ ᠦᠭᠡᠢ︔ ᠭᠤᠷᠪᠠ ᠳᠤ ᠮᠥᠩᠭᠦᠨ ᠭᠦᠢᠯᠭᠡᠭᠡᠨ ᠤ | ᠶᠠᠪᠤᠳᠠᠯ ᠢ ᠠᠯᠢ ᠪᠤᠯᠬᠤ ᠶᠢᠨ ᠳᠣᠲᠣᠷ ᠥᠪᠡᠷ ᠢᠶᠠᠨ ᠭᠦᠢᠴᠡᠳᠬᠡᠬᠦ ᠬᠡᠷᠡᠭᠲᠡᠢ᠂ ᠲᠠᠨᠢᠯ ᠪᠤᠰᠤ ᠬᠥᠮᠥᠨ ᠪᠤᠶᠤ ᠵᠠᠭᠤᠴᠢ ᠶᠢ ᠨᠠᠶᠢᠳᠠᠵᠤ ᠪᠤᠯᠬᠤ ᠦᠭᠡᠢ᠂ ᠬᠤᠪᠢ | ᠬᠥᠮᠥᠨ ᠤ ᠰᠤᠷᠠᠭ ᠵᠠᠩᠭᠢ ᠬᠤᠯᠠᠭᠠᠶᠢᠯᠠᠭᠳᠠᠬᠤ ᠠᠴᠠ ᠪᠣᠯᠭᠤᠮᠵᠢᠯᠠᠬᠤ ᠬᠡᠷᠡᠭᠲᠡᠢ︔ ᠳᠥᠷᠪᠡ ᠳᠤ ᠥᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ | ᠵᠦᠢᠯ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠣᠷᠢᠯᠭ᠎ᠠ ᠪᠠᠨ ᠲᠣᠳᠣᠷᠬᠠᠶᠢᠯᠠᠬᠤ ᠬᠡᠷᠡᠭᠲᠡᠢ︔ ᠲᠠᠪᠤ ᠳᠤ ᠺᠠᠷᠲ | ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠣᠭᠤᠰ ᠠᠪᠤᠭᠰᠠᠨ ᠭᠡᠷᠡᠴᠢ᠂ ᠢᠲᠡᠭᠡᠮᠵᠢ ᠶᠢᠨ ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ | ᠳᠠᠷᠤᠢ ᠳᠤᠨᠢ ᠦᠭᠡᠶᠢᠬᠢᠬᠦ ᠴᠢᠬᠤᠯᠠᠲᠠᠢ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠤ ᠭᠡᠭᠡᠵᠦ ᠪᠤᠯᠬᠤ | ᠦᠭᠡᠢ︔ ᠵᠢᠷᠭᠤᠭ᠎ᠠ ᠳᠤ ᠢᠷᠡᠯ ᠨᠢ ᠲᠣᠳᠣ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ ᠪᠣᠯᠣᠨ ᠲᠣᠳᠣᠷᠬᠠᠢ ᠪᠤᠰᠤ ᠬᠤᠯᠪᠣᠭᠠᠰᠤ ᠶᠢ | ᠳᠤᠷᠠᠪᠡᠷ ᠢᠶᠠᠨ ᠲᠣᠪᠰᠢᠵᠤ ᠪᠤᠯᠬᠤ ᠦᠭᠡᠢ᠂ ᠢᠷᠡᠯ ᠨᠢ ᠲᠣᠳᠣ ᠦᠭᠡᠢ ᠮᠡᠷᠭᠡᠨ ᠴᠣᠬᠤᠷ ᠢ ᠪᠢᠲᠡᠭᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ | ᠨᠢᠭᠤᠴᠠ ᠨᠣᠮᠧᠷ ᠦᠭᠡᠢ WiFi ᠶᠢ ᠬᠢᠴᠢᠶᠡᠵᠦ ᠬᠡᠷᠡᠭᠯᠡᠬᠦ ᠬᠡᠷᠡᠭᠲᠡᠢ︔ ᠲᠤᠯᠤᠭ᠎ᠠ ᠳᠤ ᠥᠪᠡᠷ ᠤᠨ ᠴᠢᠨᠢ ᠮᠥᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ | ᠮᠡᠳᠡᠮᠡᠭᠴᠡ ᠳᠠᠷᠦ᠋ᠢᠬᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠡᠷᠬᠡ ᠪᠠᠨ ᠬᠠᠮᠠᠭᠠᠯᠠᠬᠤ ᠬᠡᠷᠡᠭᠲᠡᠢ᠃ |