ᠠᠭᠠᠷ ᠤᠨ ᠬᠦᠢᠲᠡᠨ ᠤᠷᠤᠰᠬᠠᠯ ᠤᠮᠠᠷᠠᠲᠤ ᠣᠷᠣᠨ ᠢ ᠨᠥᠯᠥᠭᠡᠯᠡᠵᠦ᠂ ᠬᠡᠰᠡᠭ ᠭᠠᠵᠠᠷ ᠤᠨ ᠠᠭᠠᠷ ᠤᠨ ᠳᠤᠯᠠᠭᠠᠨ ᠤ ᠪᠠᠭᠤᠷᠠᠯᠲᠠ ᠶᠢᠨ ᠬᠡᠮᠵᠢᠶ᠎ᠡ10℃ ᠢ ᠳᠠᠪᠠᠨ᠎ᠠ
ᠨᠡᠶᠢᠲᠡᠯᠡᠭᠰᠡᠨ ᠴᠠᠭ᠄
2022/10/26
     ᠣᠶᠢᠷ᠎ᠠ ᠶᠢᠨ ᠬᠡᠳᠦᠨ ᠡᠳᠦᠷ᠂ ᠠᠭᠠᠷ ᠤᠨ ᠬᠦᠢᠲᠡᠨ ᠤᠷᠤᠰᠬᠠᠯ ᠤᠨ ᠬᠦᠴᠦᠨ ᠨᠡᠯᠢᠶᠡᠳ ᠪᠠᠭᠤᠷᠠᠢ ᠠᠴᠠ᠂  ᠮᠠᠨ ᠤ ᠤᠯᠤᠰ‌‍ᠤᠨ ᠶᠡᠬᠡᠩᠬᠢ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠳᠡᠭᠡᠭᠰᠢᠯᠡᠭᠡᠳ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠥᠨᠳᠥᠷ ᠰᠢᠭ ᠪᠣᠯᠤᠭᠰᠠᠨ ᠪᠠᠶᠢᠨ᠎ᠠ᠃ ᠭᠡᠪᠡᠴᠦ ᠥᠨᠥᠳᠦᠷ ᠮᠠᠷᠭᠠᠰᠢ ᠬᠤᠶᠠᠷ ᠡᠳᠦᠷ ᠠᠭᠠᠷ ᠤᠨ ᠬᠦᠢᠲᠡᠨ‌ᠤᠷᠤᠰᠬᠠᠯ ᠤᠮᠠᠷᠠᠲᠤ ᠣᠷᠣᠨ ᠢ ᠨᠦᠯᠦᠭᠡᠯᠡᠵᠦ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠳᠤᠮᠳᠠ ᠡᠮᠦᠨ᠎ᠡ ᠪᠡᠶ᠎ᠡ ᠶᠢᠨ ᠠᠭᠠᠷ ᠤᠨ ᠳᠤᠯᠠᠭᠠᠨ 4~8℃ ᠪᠠᠭᠤᠷᠠᠵᠤ᠂ ᠥᠪᠥᠷ ᠮᠣᠩᠭᠤᠯ ᠤᠨ ᠵᠡᠭᠦᠨ ᠡᠮᠦᠨ᠎ᠡ ᠪᠡᠶ᠎ᠡ᠂ ᠵᠡᠭᠦᠨ ᠬᠤᠶᠢᠲᠤ ᠪᠡᠶ᠎ᠡ ᠶᠢᠨ ᠬᠡᠰᠡᠭ ᠭᠠᠵᠠᠷ ᠤᠨ ᠠᠭᠠᠷ ᠤᠨ ᠳᠤᠯᠠᠭᠠᠨ ᠤ ᠪᠠᠭᠤᠷᠠᠯᠲᠠ ᠶᠢᠨ ᠬᠡᠮᠵᠢᠶ᠎ᠡ 10℃ ᠢ ᠳᠠᠪᠠᠭ᠋ᠤ ᠪᠣᠯᠤᠨ᠎ᠠ᠃              ᠠᠭᠠᠷ ᠤᠨ ᠬᠦᠢᠲᠡᠨ ᠤᠷᠤᠰᠬᠠᠯ ᠤᠨ ᠨᠥᠯᠥᠭᠡᠯᠡᠯ ᠳᠤᠤᠷ᠎ᠠ᠂ 27~28 ᠤ ᠡᠳᠦᠷ ᠪᠣᠯᠲᠠᠯ᠎ᠠ ᠤᠮᠠᠷᠠᠲᠤ ᠣᠷᠣᠨ ᠤ ᠣᠯᠠᠨ ᠭᠠᠵᠠᠷ ᠤᠨ ᠠᠭᠠᠷ ᠤᠨ ᠳᠤᠯᠠᠭᠠᠨ ᠲᠣᠰ ᠤᠳᠠᠭᠠᠨ ᠤ ᠠᠭᠠᠷ ᠤᠨ ᠬᠦᠢᠲᠡᠨ ᠤᠷᠤᠰᠬᠠᠯ ᠤᠨ ᠶᠠᠪᠤᠴᠠ ᠳᠠᠬᠢ ᠬᠠᠮᠤᠭ ‍ᠤᠨ‌‍ᠲ᠋ᠤᠤᠷ᠎ᠠ ᠬᠡᠮᠵᠢᠶᠡᠨ ᠳᠤ ᠬᠦᠷᠴᠦ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠤ ᠵᠡᠭᠦᠨ ᠪᠡᠶ᠎ᠡ ᠶᠢᠨ ᠬᠠᠮᠤᠭ ᠤᠨ ᠥᠨᠳᠥᠷ ᠠᠭᠠᠷ ᠤᠨ ᠳᠤᠯᠠᠭᠠᠨ 15℃ ᠣᠷᠴᠢᠮ ᠳᠤ ᠬᠦᠷᠦᠨ᠂ ᠵᠡᠭᠦᠨ ᠬᠤᠶᠢᠲᠤ ᠶᠢᠨ ᠶᠡᠬᠡᠩᠬᠢ ᠭᠠᠵᠠᠷ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ ᠵᠥᠪᠬᠡᠨ 10℃ ᠣᠷᠴᠢᠮ ᠪᠣᠯᠤᠨ᠎ᠠ᠃  ᠵᠠᠷᠢᠮ ᠭᠠᠵᠠᠷ ᠤᠨ ᠠᠭᠠᠷ ᠤᠨ ᠳᠤᠯᠠᠭᠠᠨ ᠪᠠᠰᠠ ᠡᠨᠡ ᠨᠠᠮᠤᠷ ᠠᠴᠠ ᠨᠠᠰᠢᠬᠢ ᠰᠢᠨ᠎ᠡ ᠳᠤᠤᠷ᠎ᠠ ᠬᠡᠮᠵᠢᠭᠳᠡᠯ ᠳᠤ ᠬᠦᠷᠴᠦ᠂ ᠲᠢᠶᠠᠨᠵᠢᠨ᠂ ᠪᠡᠭᠡᠵᠢᠩ ᠤᠨ 27 ᠤ ᠡᠳᠦᠷ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ 14℃ ᠬᠦᠷᠲᠡᠯ᠎ᠡ ᠪᠠᠭᠤᠷᠠᠨ᠎ᠠ᠃       
ᠢᠷᠡᠯᠲᠡ᠄ ᠠᠷᠠᠳ ᠤᠨ ᠰᠦᠯᠵᠢᠶ᠎ᠡ