ᠠᠩᠬᠠᠷ᠂ ᠡᠨᠡ ᠵᠢᠯ ᠬᠤᠣᠰ 11 ᠳᠤ ᠡᠳᠡᠭᠡᠷ ᠳᠦᠷᠢᠮ  ᠦᠭᠡᠷᠡᠴᠢᠯᠡᠭᠳᠡᠪᠡ
ᠨᠡᠶᠢᠲᠡᠯᠡᠭᠰᠡᠨ ᠴᠠᠭ᠄
2022/10/26
       ᠡᠨᠡ ᠵᠢᠯ ᠤᠨ ᠬᠤᠤᠰ 11 ᠵᠢᠨ‌ᠤᠷᠢᠳᠴᠢᠯᠠᠭᠰᠠᠨ ᠪᠣᠷᠣᠯᠠᠭᠤᠯᠭ᠎ᠠ 20 ᠤ ᠡᠳᠦᠷ ᠠᠴᠠ ᠡᠬᠢᠯᠡᠵᠦ᠂ ᠡᠯᠧᠺᠲᠷᠣᠨ ᠬᠤᠳᠠᠯᠳᠤᠭᠠᠨ ᠤ ᠲᠠᠪᠴᠠᠩ ᠴᠤ ᠵᠠᠯᠭᠠᠭ᠎ᠠ ᠪᠠᠷ ᠰᠢᠨ᠎ᠡ ᠠᠷᠭ᠎ᠠ ᠶᠢ ᠨᠡᠶᠢᠲᠡᠯᠡᠪᠡ᠃                ᠡᠩ ᠲᠡᠷᠢᠭᠦᠨ ᠳᠤ᠂ ᠴᠠᠭ ᠤᠨ ᠲᠠᠯ᠎ᠠ ᠪᠠᠷ ᠬᠤᠪᠢᠷᠠᠯᠲᠠ ᠲᠠᠢ ᠃  ᠲᠢᠶᠠᠨ ᠮᠤᠤ ᠶᠢᠨ ᠬᠤᠤᠰ 11 ᠶᠢᠨ ᠤᠷᠢᠳᠴᠢᠯᠠᠨ ᠬᠤᠳᠠᠯᠳᠤᠬᠤ ᠴᠠᠭ ᠨᠢ 10 ᠰᠠᠷ᠎ᠠ ᠶᠢᠨ 24 ᠤ ᠦᠳᠡᠰᠢ ᠶᠢᠨ 8 ᠴᠠᠭ ᠠᠴᠠ ᠡᠬᠢᠯᠡᠨ᠎ᠡ ᠂  ᠨᠢᠳᠤᠨᠤᠨ ᠲᠠᠢ ᠬᠠᠷᠢᠴᠠᠭᠤᠯᠪᠠᠯ᠂ ᠳᠥᠷᠪᠡᠨ ᠡᠳᠦᠷ ᠤᠷᠤᠶᠢᠲᠠᠵᠠᠢ᠃ ᠵᠢᠩ ᠳ᠋ᠦᠩ ᠡᠨᠡ ᠵᠢᠯ 10 ᠰᠠᠷ᠎ᠠ ᠶᠢᠨ 20 ᠤ ᠡᠳᠦᠷ ᠤᠨ ᠲᠡᠭ ᠴᠠᠭ ᠠᠴᠠ ᠡᠬᠢᠯᠡᠵᠦ ᠤᠷᠢᠳᠴᠢᠯᠠᠨ ᠬᠤᠳᠠᠯᠳᠣᠪᠠ᠂ ᠨᠢᠳᠤᠨᠤᠨ 10 ᠰᠠᠷ᠎ᠠ ᠶᠢᠨ 20 ᠤ ᠦᠳᠡᠰᠢ ᠶᠢᠨ 8 ᠴᠠᠭ ᠠᠴᠠ ᠡᠬᠢᠯᠡᠵᠠᠢ᠃ ᠸᠧᠢ ᠫᠢᠨ ᠬᠤᠢ 10 ᠰᠠᠷ᠎ᠠ ᠶᠢᠨ 20 ᠤ ᠦᠳᠡᠰᠢ ᠶᠢᠨ 8 ᠴᠠᠭ ᠲᠤ ᠤᠷᠢᠳᠴᠢᠯᠠᠨ ᠬᠤᠳᠠᠯᠳᠣᠪᠠ ᠃ ᠴᠠᠭ ᠤᠨ ᠲᠠᠯ᠎ᠠ ᠠᠴᠠ ᠦᠵᠡᠪᠡᠯ᠂ ᠡᠯ᠎ᠡ ᠲᠠᠪᠴᠠᠩ ᠤᠨ ᠨᠡᠭᠡᠭᠡᠭᠰᠡᠨ ᠴᠠᠭ ᠨᠢ ᠨᠡᠯᠢᠶᠡᠳ ᠨᠢᠭᠡᠳᠦᠯᠲᠡᠶ᠂ ᠵᠠᠷᠢᠮ ᠲᠠᠪᠴᠠᠩ ᠤᠨ ᠤᠷᠢᠳᠴᠢᠯᠠᠨ ᠬᠤᠳᠠᠯᠳᠤᠬᠤ ᠴᠠᠭ ᠨᠢ ᠲᠡᠭ ᠴᠠᠭ ᠠᠴᠠ ᠵᠠᠶᠢᠯᠠᠰᠬᠢᠵᠠᠢ᠃              ᠡᠨᠡ ᠵᠢᠯ᠂ ᠡᠯ᠎ᠡ ᠲᠠᠪᠴᠠᠩ ᠪᠠᠰᠠ ᠬᠡᠷᠡᠭᠯᠡᠭᠴᠢᠳ ᠢ ᠲᠠᠲᠠᠬᠤ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠪᠡ ᠃  10 ᠰᠠᠷ᠎ᠠ ᠶᠢᠨ 19 ᠤ ᠡᠳᠦᠷ ᠠᠴᠠ ᠡᠬᠢᠯᠡᠨ᠂ ᠭᠠᠷ ᠤᠲᠠᠰᠤᠨ ᠤ ᠲᠢᠶᠠᠨ ᠮᠤᠤ App ᠶᠢᠨ ᠲᠠᠰ ᠳᠡᠪᠰᠢᠭᠰᠡᠨ ᠵᠠᠷᠢᠮ ᠲᠡᠭᠡᠭᠡᠪᠦᠷᠢ ᠶᠢᠨ ᠰᠣᠶᠢᠳᠬᠡᠯ ᠢ ᠭᠡᠯᠳᠦᠷᠢᠭᠦᠯᠬᠦ ᠪᠠᠷ ᠪᠠᠷᠠᠬᠤ ᠥᠬᠡᠶ᠂  ᠬᠦᠨᠳᠦᠴᠡ ᠠᠴᠠ ᠬᠡᠲᠦᠷᠡᠭᠰᠡᠨ‌ᠡᠴᠠ ᠪᠣᠯᠤᠭᠰᠠᠨ ᠰᠢᠤᠳᠠᠨ ᠤ ᠰᠣᠶᠢᠳᠬᠡᠯ ᠢ ᠴᠦ ᠪᠦᠬᠦᠨ ᠢ ᠭᠡᠯᠳᠦᠷᠢᠭᠦᠯᠦᠨ᠎ᠡ᠃ 10 ᠰᠠᠷ᠎ᠠ ᠶᠢᠨ 18 ᠤ ᠡᠳᠦᠷ᠂ ᠲᠤᠤ ᠪᠦᠦ ᠂ ᠲᠢᠶᠠᠨ ᠮᠤᠤ ᠬᠤᠤᠰ 11 ᠶᠢᠨ ᠬᠤᠭᠤᠴᠠᠭᠠᠨ ᠤ ᠦᠨ᠎ᠡ ᠬᠠᠩᠰᠢ ᠶᠢ ᠪᠠᠲᠤᠯᠠᠬᠤ ᠣᠶᠢᠯᠡᠴᠢᠯᠡᠭᠡᠨ ᠤ ᠲᠦᠷᠢᠮ ᠳᠤ ᠴᠢᠭᠯᠡᠭᠦᠯᠦᠨ ᠲᠠᠰ ᠳᠡᠪᠰᠢᠭᠦᠯᠵᠦ᠂ ᠥᠩᠭᠡᠷᠡᠭᠰᠡᠨ ᠤ ᠵᠣᠭᠤᠰ ᠲᠤᠰᠢᠶᠠᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠦᠨ᠎ᠡ ᠬᠠᠩᠰᠢ ᠶᠢ ᠪᠠᠲᠤᠯᠠᠬᠤ ᠶᠢ ᠬᠠᠯᠠᠭᠠᠳ᠂ ᠵᠣᠭᠤᠰ ᠲᠤᠰᠢᠶᠠᠵᠤ / ᠰᠡᠭᠦᠯᠴᠢ ᠶᠢᠨ ᠵᠣᠭᠤᠰ ᠲᠤᠰᠢᠶᠠᠪᠠᠯ ᠂ 11 ᠰᠠᠷ᠎ᠠ ᠶᠢᠨ 11 ᠤ ᠡᠳᠦᠷ ᠤᠨ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠪᠥᠬᠦ ᠶᠠᠪᠤᠴᠠ ᠶᠢᠨ ᠦᠨ᠎ᠡ ᠬᠠᠩᠰᠢ ᠶᠢ ᠪᠠᠲᠤᠯᠠᠬᠤ ᠭᠡᠵᠦ ᠬᠠᠯᠠᠪᠠ᠃ ᠲᠤᠬᠠᠶᠢᠯᠠᠪᠠᠯ ᠵᠣᠭᠤᠰ ᠲᠤᠰᠢᠶᠠᠬᠤ ᠡᠳᠦᠷ ᠠᠴᠠ11 ᠰᠠᠷ᠎ᠠ ᠶᠢᠨ 26 ᠤ ᠡᠳᠦᠷ ᠪᠣᠯᠲᠠᠯ᠎ᠠ ᠂ ᠬᠠᠮᠤᠭ ᠤᠨ ᠣᠷᠳᠣ ᠦᠨ᠎ᠡ ᠬᠠᠩᠰᠢ ᠶᠢ ᠪᠠᠲᠤᠯᠠᠬᠤ ᠴᠠᠭ  ᠢ 15 ᠡᠳᠦᠷ ᠠᠴᠠ 27 ᠡᠳᠦᠷ ᠪᠣᠯᠲᠠᠯ᠎ᠠ ᠤᠷᠲᠤᠳᠬᠠᠨ᠎ᠠ᠃
ᠢᠷᠡᠯᠲᠡ᠄ ᠠᠷᠠᠳ ᠤᠨ ᠰᠦᠯᠵᠢᠶ᠎ᠡ