ᠦᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/10/28
      10 ᠳ᠋ᠤᠭᠠᠷ ᠰᠠᠷ᠎ᠠ ᠶᠢᠨ 19 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 29 ᠨᠡᠮᠡᠭᠳᠡᠵᠦ᠂ ᠡᠭᠦᠨ ᠳᠤ ᠬᠥᠬᠡᠬᠤᠲᠠ ᠳᠤ 9 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠵᠢᠱᠢᠶ᠎ᠡ ᠶᠢ ᠪᠠᠭᠲᠠᠭᠠᠨ᠎ᠠ︶᠂ ᠪᠤᠭᠤᠲᠤ ᠬᠤᠲᠠ ᠳᠤ 4 ︵ᠴᠥᠮ ᠴᠢᠩᠱᠠᠨ ᠲᠣᠭᠤᠷᠢᠭ ᠲᠤ︶᠂ ᠬᠥᠯᠥᠨ ᠪᠤᠶᠢᠷ ᠬᠤᠲᠠ ᠳᠤ 4 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠵᠢᠱᠢᠶ᠎ᠡ ᠶᠢ ᠪᠠᠭᠲᠠᠭᠠᠨ᠎ᠠ᠂ ᠴᠥᠮ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ︶᠂ ᠤᠯᠠᠭᠠᠨᠬᠠᠳᠠ ᠬᠤᠲᠠ ᠳᠤ 7 ︵ᠬᠤᠩᠱᠠᠨ ᠲᠣᠭᠤᠷᠢᠭ ᠲᠤ 2᠂ ᠠᠷᠤ ᠬᠤᠷᠴᠢᠨ ᠬᠤᠰᠢᠭᠤᠨ ᠳᠤ 5︶᠂ ᠣᠷᠳᠣᠰ ᠬᠤᠲᠠ ᠳᠤ 3 ︵ᠴᠥᠮ ᠲᠠᠯᠠᠳ ᠬᠤᠰᠢᠭᠤᠨ ᠳᠤ︶᠂ ᠦᠬᠠᠢ ᠬᠤᠲᠠ ᠳᠤ 2 ︵ᠬᠠᠶᠢᠷᠤᠪ ᠤᠨ ᠲᠣᠬᠤᠢ ᠲᠣᠭᠤᠷᠢᠭ ᠲᠤ 1᠂ ᠬᠠᠶᠢᠨᠠᠨ ᠲᠣᠭᠤᠷᠢᠭ ᠲᠤ 1︶ ᠪᠣᠢ︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 53 ᠨᠡᠮᠡᠭᠳᠡᠵᠦ᠂ ᠡᠭᠦᠨ ᠳᠤ ᠬᠥᠬᠡᠬᠤᠲᠠ ᠳᠤ 34᠂ ᠪᠤᠭᠤᠲᠤ ᠬᠤᠲᠠ ᠳᠤ 2 ︵ᠴᠢᠩᠱᠠᠨ ᠲᠣᠭᠤᠷᠢᠭ ᠲᠤ 1᠂ ᠵᠢᠤ ᠶᠤᠸᠠᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 3 ︵ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 2᠂ ᠮᠠᠨᠵᠤᠤᠷ ᠬᠤᠲᠠ ᠳᠤ 1︶᠂ ᠤᠯᠠᠭᠠᠨᠬᠠᠳᠠ ᠬᠤᠲᠠ ᠳᠤ 8 ︵ᠬᠤᠩᠱᠠᠨ ᠲᠣᠭᠤᠷᠢᠭ ᠲᠤ 5᠂ ᠠᠷᠤ ᠬᠤᠷᠴᠢᠨ ᠬᠤᠰᠢᠭᠤᠨ ᠳᠤ 3︶᠂ ᠦᠬᠠᠢ ᠬᠤᠲᠠ ᠳᠤ 6 ︵ᠬᠠᠶᠢᠷᠤᠪ ᠤᠨ ᠲᠣᠬᠤᠢ ᠲᠣᠭᠤᠷᠢᠭ ᠲᠤ 3᠂ ᠬᠠᠶᠢᠨᠠᠨ ᠲᠣᠭᠤᠷᠢᠭ ᠲᠤ 2᠂ ᠤᠳᠠ ᠲᠣᠭᠤᠷᠢᠭ ᠲᠤ 1︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠵᠦ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠵᠠᠢ᠂ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 26 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠴᠤ᠂ ᠡᠭᠦᠨ ᠳᠤ ᠬᠥᠬᠡᠬᠤᠲᠠ ᠳᠤ 12᠂ ᠪᠤᠭᠤᠲᠤ ᠬᠤᠲᠠ ᠳᠤ 4 ︵ᠴᠢᠩᠱᠠᠨ ᠲᠣᠭᠤᠷᠢᠭ ᠲᠤ 2᠂ ᠵᠢᠤ ᠶᠤᠸᠠᠨ ᠲᠣᠭᠤᠷᠢᠭ ᠲᠤ 2︶᠂ ᠬᠥᠯᠥᠨ ᠪᠤᠶᠢᠷ ᠬᠤᠲᠠ ᠳᠤ 3 ︵ᠬᠠᠶᠢᠯᠠᠷ ᠲᠣᠭᠤᠷᠢᠭ ᠲᠤ 2᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 1︶᠂ ᠤᠯᠠᠭᠠᠨᠬᠠᠳᠠ ᠬᠤᠲᠠ ᠳᠤ 1 ︵ᠬᠤᠩᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 1 ︵ᠠᠪᠠᠭ᠎ᠠ ᠬᠤᠰᠢᠭᠤᠨ ᠳᠤ︶᠂ ᠣᠷᠳᠣᠰ ᠬᠤᠲᠠ ᠳᠤ 3 ︵ᠳ᠋ᠦᠩᠱᠧᠩ ᠲᠣᠭᠤᠷᠢᠭ ᠲᠤ 2᠂ ᠣᠳᠤᠭ ᠤᠨ ᠡᠮᠦᠨᠡᠲᠦ ᠬᠤᠰᠢᠭᠤᠨ ᠳᠤ 1︶᠂ ᠠᠯᠠᠱᠠ ᠠᠶᠢᠮᠠᠭ ᠲᠤ 2 ︵ᠴᠥᠮ ᠠᠯᠠᠱᠠ ᠵᠡᠭᠦᠨ ᠬᠤᠰᠢᠭᠤᠨ ᠳᠤ︶ ᠪᠣᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 136 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 104᠂ ᠪᠤᠭᠤᠲᠤ ᠬᠤᠲᠠ ᠳᠤ 24 ︵ᠬᠥᠨᠳᠡᠯᠡᠨ ᠲᠣᠭᠤᠷᠢᠭ ᠲᠤ 10᠂ ᠴᠢᠩᠱᠠᠨ ᠲᠣᠭᠤᠷᠢᠭ ᠲᠤ 2᠂ ᠳ᠋ᠦᠩ ᠾᠧ ᠲᠣᠭᠤᠷᠢᠭ ᠲᠤ 4᠂ ᠵᠢᠦ ᠶᠤᠸᠠᠨ ᠲᠣᠭᠤᠷᠢᠭ ᠲᠤ 7᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 1︶᠂ ᠬᠥᠯᠥᠨ ᠪᠤᠶᠢᠷ ᠬᠤᠲᠠ ᠳᠤ 6 ︵ᠬᠠᠶᠢᠯᠠᠷ ᠲᠣᠭᠤᠷᠢᠭ ᠲᠤ 3᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 2᠂ ᠰᠢᠨ᠎ᠡ ᠪᠠᠷᠭᠤ ᠵᠡᠭᠦᠨ ᠬᠤᠰᠢᠭᠤᠨ ᠳᠤ 1︶᠂ ᠤᠯᠠᠭᠠᠨᠬᠠᠳᠠ ᠬᠤᠲᠠ ᠳᠤ 2 ︵ᠴᠥᠮ ᠠᠷᠤ ᠬᠤᠷᠴᠢᠨ ᠬᠤᠰᠢᠭᠤᠨ ᠳᠤ︶ ᠪᠣᠢ᠃       10 ᠳ᠋ᠤᠭᠠᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 457 ᠪᠠᠶᠢᠵᠤ᠂ ᠡᠭᠦᠨ ᠳᠤ ᠬᠥᠬᠡᠬᠤᠲᠠ ᠳᠤ 250᠂ ᠪᠤᠭᠤᠲᠤ ᠬᠤᠲᠠ ᠳᠤ 92 ︵ᠬᠥᠨᠳᠡᠯᠡᠨ ᠲᠣᠭᠤᠷᠢᠭ ᠲᠤ 17᠂ ᠴᠢᠩᠱᠠᠨ ᠲᠣᠭᠤᠷᠢᠭ ᠲᠤ 30᠂ ᠳ᠋ᠦᠩ ᠾᠧ ᠲᠣᠭᠤᠷᠢᠭ ᠲᠤ 5᠂ ᠵᠢᠤ ᠶᠤᠸᠠᠨ ᠲᠣᠭᠤᠷᠢᠭ ᠲᠤ 27᠂ ᠲᠦᠮᠡᠳ ᠪᠠᠷᠠᠭᠤᠨ ᠬᠤᠰᠢᠭᠤᠨ ᠳᠤ 4᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 9︶᠂ ᠬᠥᠯᠥᠨ ᠪᠤᠶᠢᠷ ᠬᠤᠲᠠ ᠳᠤ 35 ︵ᠬᠠᠶᠢᠯᠠᠷ ᠲᠣᠭᠤᠷᠢᠭ ᠲᠤ 9᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ 2᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 16᠂ ᠰᠢᠨ᠎ᠡ ᠪᠠᠷᠭᠤ ᠪᠠᠷᠠᠭᠤᠨ ᠬᠤᠰᠢᠭᠤᠨ ᠳᠤ 8︶᠂ ᠬᠢᠩᠭᠠᠨ ᠠᠶᠢᠮᠠᠭ ᠲᠤ 21 ︵ᠤᠯᠠᠭᠠᠨᠬᠤᠲᠠ ᠳᠤ 19᠂ ᠲᠦᠴᠢᠦᠸᠠᠨ ᠰᠢᠶᠠᠨ ᠳᠤ 1᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 1︶᠂ ᠲᠦᠩᠯᠢᠶᠣᠣ ᠬᠤᠲᠠ ᠳᠤ 3 ︵ᠬᠤᠷᠴᠢᠨ ᠲᠣᠭᠤᠷᠢᠭ ᠲᠤ 2᠂ ᠨᠠᠢᠮᠠᠨ ᠬᠤᠰᠢᠭᠤᠨ ᠳᠤ 1︶᠂ ᠤᠯᠠᠭᠠᠨᠬᠠᠳᠠ ᠬᠤᠲᠠ ᠳᠤ 22 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 2᠂ ᠯᠢᠨᠰᠢ ᠰᠢᠶᠠᠨ ᠳᠤ 1᠂ ᠠᠷᠤ ᠬᠤᠷᠴᠢᠨ ᠬᠤᠰᠢᠭᠤᠨ ᠳᠤ 10᠂ ᠪᠠᠭᠠᠷᠢᠨ ᠵᠡᠭᠦᠨ ᠬᠤᠰᠢᠭᠤᠨ ᠳᠤ 1᠂ ᠬᠡᠰᠢᠭᠲᠡᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 2 ︵ᠠᠪᠠᠭ᠎ᠠ ᠬᠤᠰᠢᠭᠤᠨ ᠳᠤ 1᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ 1︶᠂ ᠣᠷᠳᠣᠰ ᠬᠤᠲᠠ ᠳᠤ 24 ︵ᠳ᠋ᠦᠩᠱᠧᠩ ᠲᠣᠭᠤᠷᠢᠭ ᠲᠤ 12᠂ ᠲᠠᠯᠠᠳ ᠬᠤᠰᠢᠭᠤᠨ ᠳᠤ 7᠂ ᠵᠡᠭᠦᠨᠭᠠᠷ ᠬᠤᠰᠢᠭᠤᠨ ᠳᠤ 3᠂ ᠬᠠᠩᠭᠢᠨ ᠬᠤᠰᠢᠭᠤᠨ ᠳᠤ 2︶᠂ ᠦᠬᠠᠢ ᠬᠤᠲᠠ ᠳᠤ 8 ︵ᠬᠠᠶᠢᠷᠤᠪ ᠤᠨ ᠲᠣᠬᠤᠢ ᠲᠣᠭᠤᠷᠢᠭ ᠲᠤ 2᠂ ᠬᠠᠶᠢᠨᠠᠨ ᠲᠣᠭᠤᠷᠢᠭ ᠲᠤ 6︶ ᠪᠣᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2447 ᠪᠠᠶᠢᠵᠤ᠂ ᠡᠭᠦᠨ ᠳᠤ ᠬᠥᠬᠡᠬᠤᠲᠠ ᠳᠤ 1895᠂ ᠪᠤᠭᠤᠲᠤ ᠬᠤᠲᠠ ᠳᠤ 293 ︵ᠬᠥᠨᠳᠡᠯᠡᠨ ᠲᠣᠭᠤᠷᠢᠭ ᠲᠤ 89᠂ ᠴᠢᠩᠱᠠᠨ ᠲᠣᠭᠤᠷᠢᠭ ᠲᠤ 56᠂ ᠳ᠋ᠦᠩ ᠾᠧ ᠲᠣᠭᠤᠷᠢᠭ ᠲᠤ 40᠂ ᠵᠢᠤ ᠶᠤᠸᠠᠨ ᠲᠣᠭᠤᠷᠢᠭ ᠲᠤ 94᠂ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠲᠤ 1᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ 13︶᠂ ᠬᠥᠯᠥᠨ ᠪᠤᠶᠢᠷ ᠬᠤᠲᠠ ᠳᠤ 56 ︵ᠬᠠᠶᠢᠯᠠᠷ ᠲᠣᠭᠤᠷᠢᠭ ᠲᠤ 12᠂ ᠠᠷᠤᠨ ᠬᠤᠰᠢᠭᠤᠨ ᠳᠤ 1᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 20᠂ ᠰᠢᠨ᠎ᠡ ᠪᠠᠷᠭᠤ ᠪᠠᠷᠠᠭᠤᠨ ᠬᠤᠰᠢᠭᠤᠨ ᠳᠤ 22᠂ ᠮᠠᠨᠵᠤᠤᠷ ᠬᠤᠲᠠ ᠳᠤ 1︶᠂ ᠬᠢᠩᠭᠠᠨ ᠠᠶᠢᠮᠠᠭ ᠲᠤ 79 ︵ᠤᠯᠠᠭᠠᠨᠬᠤᠲᠠ ᠳᠤ 73᠂ ᠲᠦᠴᠢᠦᠸᠠᠨ ᠰᠢᠶᠠᠨ ᠳᠤ 2᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 4︶᠂ ᠤᠯᠠᠭᠠᠨᠬᠠᠳᠠ ᠬᠤᠲᠠ ᠳᠤ 45 ︵ᠬᠤᠩᠱᠠᠨ ᠲᠣᠭᠤᠷᠢᠭ ᠲᠤ 11᠂ ᠰᠦᠩᠱᠠᠨ ᠲᠣᠭᠤᠷᠢᠭ ᠲᠤ 14᠂ ᠯᠢᠨᠰᠢ ᠰᠢᠶᠠᠨ ᠳᠤ 1᠂ ᠬᠠᠷᠠᠴᠢᠨ ᠬᠤᠰᠢᠭᠤᠨ ᠳᠤ 1᠂ ᠠᠷᠤ ᠬᠤᠷᠴᠢᠨ ᠬᠤᠰᠢᠭᠤᠨ ᠳᠤ 13᠂ ᠪᠠᠭᠠᠷᠢᠨ ᠵᠡᠭᠦᠨ ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 8 ︵ᠠᠪᠠᠭ᠎ᠠ ᠬᠤᠰᠢᠭᠤᠨ ᠳᠤ 5᠂ ᠰᠢᠯᠤᠭᠤᠨ ᠬᠥᠬᠡ ᠬᠤᠰᠢᠭᠤᠨ ᠳᠤ 3︶᠂ ᠤᠯᠠᠭᠠᠨᠴᠠᠪ ᠬᠤᠲᠠ ᠳᠤ 12 ︵ᠵᠢᠨᠢᠩ ᠲᠣᠭᠤᠷᠢᠭ ᠲᠤ 8᠂ ᠵᠦᠸᠧᠽᠢ ᠰᠢᠶᠠᠨ ᠳᠤ 4︶᠂ ᠣᠷᠳᠣᠰ ᠬᠤᠲᠠ ᠳᠤ 3 ︵ᠴᠥᠮ ᠣᠲᠤᠭ ᠤᠨ ᠡᠮᠦᠨᠡᠲᠦ ᠬᠤᠰᠢᠭᠤᠨ ᠳᠤ︶᠂ ᠪᠠᠶᠠᠨᠨᠠᠭᠤᠷ ᠬᠤᠲᠠ ᠳᠤ 39 ︵ᠯᠢᠨ ᠾᠧ ᠲᠣᠭᠤᠷᠢᠭ ᠲᠤ 30᠂ ᠦᠶᠤᠸᠠᠨ ᠰᠢᠶᠠᠨ ᠳᠤ 7᠂ ᠬᠠᠩᠭᠢᠨ ᠬᠤᠶᠢᠲᠤ ᠬᠤᠰᠢᠭᠤᠨ ᠳᠤ 2︶᠂ ᠦᠬᠠᠢ ᠬᠤᠲᠠ ᠳᠤ 16 ︵ᠬᠠᠶᠢᠷᠤᠪ ᠤᠨ ᠲᠣᠬᠤᠢ ᠲᠣᠭᠤᠷᠢᠭ ᠲᠤ 7᠂ ᠬᠠᠶᠢᠨᠠᠨ ᠲᠣᠭᠤᠷᠢᠭ ᠲᠤ 8᠂ ᠤᠳᠠ ᠲᠣᠭᠤᠷᠢᠭ ᠲᠤ 1︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 12᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠪᠠᠶᠢᠵᠤ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ