10 ᠰᠠᠷ᠎ᠠ ᠶᠢᠨ 27 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤᠨ ᠤ ᠰᠢᠶᠠᠨ ᠹᠧᠩ ᠲᠣᠰᠬᠤᠨ ᠤ ᠾᠧ ᠷᠦᠨ | ᠬᠤᠷᠰᠢᠶ᠎ᠠ ᠶᠢᠨ ᠴᠢᠨᠵᠦᠤ᠂ ᠯᠠᠵᠤᠤ ᠳᠦᠭᠦᠷᠲᠡᠯ᠎ᠡ ᠲᠡᠭᠡᠭᠡᠭᠰᠡᠨ ᠬᠤᠶᠠᠷ ᠲᠡᠭᠡᠭᠡᠪᠦᠷᠢ ᠶᠢᠨ ᠮᠠᠰᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ | ᠬᠦᠷᠢᠶᠡᠨ ᠳᠤ ᠣᠷᠣᠵᠤ᠂ 1500 ᠵᠢᠩ ᠢᠳᠡᠰᠢᠨ ᠨᠣᠭᠤᠭ᠎ᠠ ᠶᠢ ᠤᠷᠠᠳ ᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠮᠣᠩᠭᠤᠯ | ᠦᠨᠳᠦᠰᠦᠲᠡᠨ ᠤ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠲᠠᠷᠬᠠᠭᠠᠨ ᠥᠭᠴᠦ᠂ ᠪᠥᠬᠦ ᠬᠤᠰᠢᠭᠤᠨ ᠤ ᠪᠢᠲᠡᠭᠦᠮᠵᠢᠯᠡᠭᠰᠡᠨ | ᠬᠠᠮᠢᠶᠠᠷᠴᠤ ᠪᠠᠶᠢᠭ᠎ᠠ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ᠬᠠᠶᠢᠷ᠎ᠠ ᠬᠠᠯᠠᠮᠵᠢ ᠬᠦᠷᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠬᠦᠴᠦᠨ ᠨᠡᠮᠡᠷᠢᠯᠡᠪᠡ᠃ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠭᠤᠷᠪᠠᠨ ᠰᠤᠷᠭᠠᠭᠤᠯᠢ ᠶᠢ ᠲᠥᠯᠥᠭᠡᠯᠡᠨ ᠰᠢᠶᠠᠨ ᠹᠧᠩ | ᠲᠣᠰᠬᠤᠨ ᠤ ᠾᠧ ᠷᠦᠨ ᠬᠤᠷᠰᠢᠶ᠎ᠠ ᠶᠢᠨ ᠬᠠᠶᠢᠷ᠎ᠠ ᠬᠠᠯᠠᠮᠵᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠢᠳᠡᠭᠡᠨ ᠤᠮᠳᠠᠭᠠᠨ ᠤ ᠡᠷᠡᠭᠦᠯ ᠮᠡᠨᠳᠦ ᠶᠢ | ᠲᠡᠷᠢᠭᠦᠨ ᠪᠠᠶᠢᠷᠢᠨ ᠳᠤ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠪᠠᠲᠤᠯᠠᠨ᠎ᠠ ᠭᠡᠪᠡ᠃ | ᠬᠤᠷᠰᠢᠶ᠎ᠠ ᠶᠢᠨ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠠᠯᠭᠠᠭᠠᠳ ᠪᠠᠰᠠ ᠨᠢᠭᠡ ᠪᠦᠯᠦᠭ ᠢᠳᠡᠰᠢᠨ ᠨᠣᠭᠤᠭ᠎ᠠ ᠶᠢ ᠰᠤᠷᠭᠠᠭᠤᠯᠢ ᠳᠤ ᠪᠡᠯᠡᠳᠬᠡᠨ | ᠬᠦᠷᠭᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠰᠠᠨᠠᠭ᠎ᠠ ᠠᠮᠤᠷ ᠴᠢᠨᠠᠷ ᠰᠠᠶᠢᠲᠠᠶ ᠢᠳᠡᠰᠢᠨ | ᠨᠣᠭᠤᠭ᠎ᠠ ᠣᠯᠵᠤ ᠢᠳᠡᠬᠦ ᠶᠢ ᠦᠨᠡᠨ ᠬᠦ ᠪᠠᠲᠤᠯᠠᠨ᠎ᠠ ᠭᠡᠵᠡᠶ᠃ | | | | | | | | | | |