ᠥᠳᠥᠨ ᠪᠥᠮᠪᠦᠭᠡ ᠴᠣᠬᠢᠭᠠᠳ ᠨᠢᠳᠦ ᠰᠢᠷᠬᠠᠳᠤᠭᠰᠠᠨ ᠢ ᠬᠡᠨ ᠬᠠᠷᠢᠭᠤᠴᠠᠬᠤ ᠪᠤᠶ︖
ᠨᠡᠶᠢᠲᠡᠯᠡᠭᠰᠡᠨ ᠴᠠᠭ᠄
2022/10/31
      ᠬᠡᠷᠡᠭ ᠤᠨ ᠵᠢᠱᠢᠶ᠎ᠡ               ᠰᠦᠩ ᠠᠪᠤᠭᠠᠢ ᠥᠳᠥᠨ ᠪᠥᠮᠪᠦᠭᠡ ᠶᠢᠨ ᠤᠷᠤᠯᠳᠤᠭᠠᠨ ᠳᠤ ᠣᠷᠣᠯᠴᠠᠵᠤ᠂ ᠪᠥᠮᠪᠥᠭᠡᠨ ᠨᠠᠶᠢᠵᠠ ᠵᠧᠦ ᠠᠪᠤᠭᠠᠢ ᠶᠢᠨ ᠴᠣᠬᠢᠵᠤ ᠢᠷᠡᠭᠦᠯᠦᠭᠰᠡᠨ ᠥᠳᠥᠨ ᠪᠥᠮᠪᠥᠭᠡᠨ ᠳᠤ ᠪᠠᠷᠠᠭᠤᠨ ᠨᠢᠳᠦ ᠪᠠᠨ ᠰᠢᠷᠬᠠᠲᠤᠭᠤᠯᠪᠠ᠃  ᠬᠡᠷᠡᠭ ᠭᠠᠷᠤᠭᠰᠠᠨ ᠤ ᠳᠠᠷᠠᠭ᠎ᠠ ᠵᠧᠤ ᠠᠪᠤᠭᠠᠶ ᠰᠠᠨᠠᠭᠠᠴᠢᠯᠠᠭ᠎ᠠ ᠠᠴᠠ ᠪᠠᠨ ᠰᠥᠩ ᠠᠪᠤᠭᠠᠶ ᠳᠤ ᠪᠠᠷ᠎ᠠ ᠪᠣᠯᠵᠤ ᠡᠮᠨᠡᠭᠦᠯᠦᠭᠰᠡᠨ ᠪᠥᠭᠡᠳ ᠡᠮᠨᠡᠯᠭᠡ ᠶᠢᠨ ᠵᠠᠷᠤᠳᠠᠯ ᠢ ᠣᠷᠣᠯᠠᠨ ᠲᠤᠰᠢᠶᠠᠵᠠᠶ᠃ ᠰᠡᠭᠦᠯᠡᠷ ᠨᠢ ᠰᠥᠩ ᠠᠪᠤᠭᠠᠶ ᠠᠴᠠ ᠵᠧᠤ ᠠᠪᠤᠭᠠᠶ ᠶᠢ ᠰᠢᠭᠦᠬᠦ ᠬᠤᠷᠢᠶᠠᠨ ᠳᠤ ᠵᠠᠭᠠᠯᠳᠤᠵᠤ ᠲᠥᠯᠥᠪᠦᠷᠢ ᠠᠪᠬᠤ ᠪᠠᠷ ᠱᠠᠭᠠᠷᠳᠠᠵᠠᠶ᠃        ᠵᠧᠤ ᠠᠪᠤᠭᠠᠶ ᠰᠥᠩ ᠠᠪᠤᠭᠠᠶ ᠶᠢᠨ ᠰᠢᠷᠬᠠᠲᠤᠭᠰᠠᠨ ᠳᠤ ᠬᠠᠷᠢᠭᠤᠴᠠᠯᠭ᠎ᠠ ᠡᠭᠦᠷᠭᠡᠯᠡᠨ᠎ᠡ ᠦᠦ︖                ᠬᠠᠤᠯᠢ ᠢᠶᠠᠷ ᠲᠠᠶᠢᠯᠪᠤᠷᠢᠯᠠᠬᠤ ᠨᠢ               ᠬᠡᠷᠡᠭ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠨᠢᠭᠡ ᠮᠢᠩᠭ᠎ᠠ ᠨᠢᠭᠡ ᠵᠠᠭᠤ ᠳᠠᠯᠠᠨ ᠵᠢᠷᠭᠤᠳᠤᠭᠠᠷ ᠵᠦᠢᠯ ᠳᠤ᠂ ᠵᠣᠬᠢᠬᠤ ᠠᠶᠤᠯ ᠲᠦᠭᠰᠢᠭᠦᠷᠢ ᠪᠦᠬᠦᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠵᠤ᠂ ᠪᠤᠰᠤᠳ ᠣᠷᠣᠯᠴᠠᠭᠴᠢ ᠶᠢᠨ ᠦᠢᠯᠡ ᠠᠵᠢᠯᠯᠠᠭ᠎ᠠ ᠠᠴᠠ ᠪᠤᠯᠵᠤ ᠬᠤᠬᠢᠷᠠᠯ ᠳᠤ ᠤᠴᠠᠷᠠᠭᠰᠠᠨ ᠪᠠᠶᠢᠪᠠᠯ᠂ ᠬᠤᠬᠢᠷᠠᠯ ᠠᠮᠰᠠᠭᠴᠢ ᠨᠢ ᠪᠤᠰᠤᠳ ᠣᠷᠣᠯᠴᠠᠭᠴᠢ ᠪᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠬᠤ ᠦᠭᠡᠢ ᠭᠡᠵᠦ ᠲᠣᠭᠲᠠᠭᠠᠵᠠᠢ᠃ ᠭᠡᠪᠡᠴᠦ ᠪᠤᠰᠤᠳ ᠣᠷᠣᠯᠴᠠᠭᠰᠠᠳ ᠤᠨ ᠵᠣᠷᠢᠭᠤᠳᠠ ᠪᠤᠶᠤ ᠬᠦᠨᠳᠦ ᠶᠡᠭᠡ ᠠᠳᠡᠯ ᠭᠠᠷᠭᠠᠭᠰᠠᠨ ᠨᠢ ᠡᠭᠦᠨ ᠳᠤ ᠪᠠᠭᠲᠠᠬᠤ ᠤᠢᠭᠡᠢ᠃
ᠢᠷᠡᠯᠲᠡ᠄ ᠠᠷᠠᠳ ᠤᠨ ᠰᠦᠯᠵᠢᠶ᠎ᠡ