ᠬᠡᠷᠡᠭ ᠤᠨ ᠵᠢᠱᠢᠶ᠎ᠡ | ᠸᠠᠩ ᠨᠠᠰᠤᠲᠠᠨ ᠠᠮᠢᠳᠤ ᠪᠠᠶᠢᠬᠤ ᠳᠠᠭᠠᠨ ᠰᠢᠶᠣᠤ ᠮᠢᠩ ᠠᠴᠠ 20 ᠲᠦᠮᠡᠨ ᠲᠥᠭᠦᠷᠢᠭ ᠵᠢᠭᠡᠯᠡᠵᠦ᠂ ᠰᠢᠶᠣᠤ ᠮᠢᠩ ᠣᠯᠠᠨ ᠤᠳᠠᠭ᠎ᠠ ᠨᠡᠬᠡᠭᠰᠡᠨ ᠪᠤᠯᠪᠠᠴᠤ | ᠪᠤᠴᠠᠭᠠᠭᠰᠠᠨᠦᠭᠡᠢ᠃ ᠸᠠᠩ ᠨᠠᠰᠤᠲᠠᠨ ᠨᠠᠰᠤ ᠪᠠᠷᠠᠭᠰᠠᠨ ᠤ ᠲᠠᠷᠠᠭ᠎ᠠ᠂ ᠰᠢᠶᠤᠤ ᠮᠢᠩ ᠸᠠᠩ ᠨᠠᠰᠤᠲᠠᠨ ᠤ ᠬᠦᠦ ᠰᠢᠶᠤᠤ ᠸᠠᠩ ᠢ ᠰᠢᠭᠦᠬᠦ ᠬᠤᠷᠢᠶᠠᠨ ᠳᠤ ᠵᠠᠭᠠᠯᠳᠤᠵᠦ᠂ | ᠰᠢᠶᠤᠤ ᠸᠠᠩ ᠡᠴᠢᠭᠡ ᠶᠢᠨ ᠢᠶᠠᠨ 20 ᠲᠦᠮᠡᠨᠲ᠋ᠥ᠋ᠭᠦᠷᠢᠭ ᠤᠨ ᠵᠢᠭᠡᠯᠡᠯᠭᠡ ᠶᠢ ᠪᠤᠴᠠᠭᠠᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠵᠠᠢ᠃ ᠰᠢᠶᠤᠤ | ᠸᠠᠩ ᠲᠤᠬᠠᠢ ᠶᠢᠨ ᠲᠢᠩᠬᠢᠮ ᠳᠤ ᠡᠴᠢᠭᠡ ᠶᠢᠨ ᠢᠶᠠᠨ ᠥᠪ ᠬᠥᠷᠤᠩᠭᠡ ᠶᠢ ᠵᠠᠯᠭᠠᠮᠵᠢᠯᠠᠬᠤ ᠪᠠᠨ ᠪᠤᠯᠢᠨ᠎ᠠ᠂ ᠡᠴᠢᠭᠡ ᠶᠢᠨ ᠢᠶᠠᠨ ᠥᠭᠴᠡᠭᠡ ᠶᠢ ᠡᠭᠦᠷᠭᠡᠯᠡᠬᠦ ᠦᠭᠡᠢ ᠭᠡᠵᠦ | ᠢᠯᠡᠷᠬᠡᠶᠢᠯᠡᠵᠡᠢ᠃ ᠲᠡᠭᠡᠪᠡᠯ᠂ ᠰᠢᠶᠤᠤ ᠸᠠᠩ ᠡᠴᠢᠬᠡ ᠶᠢᠨ ᠢᠶᠠᠨ ᠥᠭᠴᠡᠭᠡ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠦᠦ︖ | ᠬᠠᠤᠯᠢ ᠢᠶᠠᠷ ᠲᠠᠶᠢᠯᠪᠤᠷᠢᠯᠠᠬᠤ ᠨᠢ | ᠬᠡᠷᠡᠭ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠵᠢᠷᠠᠨ ᠨᠢᠭᠡᠳᠦᠭᠡᠷ ᠵᠦᠢᠯ ᠳᠤ᠂ ᠥᠪ ᠵᠠᠯᠭᠠᠮᠵᠢᠯᠠᠭᠴᠢ ᠣᠯᠤᠭᠰᠠᠨ ᠥᠪ ᠬᠦᠷᠦᠩᠭᠡ ᠶᠢᠨ ᠢᠶᠠᠨ | ᠪᠣᠳᠠᠲᠤ ᠦᠷᠳᠡᠭ ᠢᠶᠠᠷ ᠬᠢᠵᠠᠭᠠᠷ ᠪᠣᠯᠭᠠᠵᠤ ᠥᠪ ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ ᠲᠤᠰᠢᠶᠠᠬᠤ ᠶᠣᠰᠣᠲᠠᠢ ᠭᠠᠶᠢᠯᠢ ᠶᠢᠨ ᠵᠣᠭᠤᠰ ᠪᠠ ᠥᠭᠴᠡᠭᠡ ᠶᠢ | ᠲᠦᠯᠤᠵᠤ ᠳᠠᠭᠤᠰᠬᠠᠨ᠎ᠠ ᠭᠡᠵᠦ ᠲᠣᠭᠲᠠᠭᠠᠵᠠᠢ᠃ ᠥᠪ ᠬᠦᠷᠦᠩᠬᠡ ᠶᠢᠨ ᠪᠣᠳᠠᠲᠤ ᠦᠷᠲᠡᠭ ᠠᠴᠠ ᠬᠡᠲᠦᠷᠡᠭᠰᠡᠨ ᠬᠡᠰᠡᠭ ᠢ ᠥᠪ ᠵᠠᠯᠭᠠᠮᠵᠢᠯᠠᠭᠴᠢ ᠰᠠᠶᠢᠨ | ᠳᠤᠷ᠎ᠠ ᠠᠴᠠ ᠪᠠᠨ ᠲᠦᠯᠦᠬᠦ ᠨᠢ ᠡᠭᠦᠨ ᠳᠤ ᠬᠢᠵᠠᠭᠠᠷᠯᠠᠭᠳᠠᠬᠤ ᠦᠭᠡᠢ᠃ ᠥᠪ ᠵᠠᠯᠭᠠᠮᠵᠢᠯᠠᠭᠴᠢ ᠨᠢ ᠥᠪ ᠵᠠᠯᠭᠠᠮᠵᠢᠯᠠᠬᠤ ᠦᠭᠡᠢ ᠪᠣᠯ ᠥᠪ | ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ ᠲᠤᠰᠢᠶᠠᠪᠠᠰᠤ ᠵᠣᠬᠢᠬᠤ ᠭᠠᠶᠢᠯᠢ ᠶᠢᠨ ᠮᠥᠩᠭᠦ ᠪᠠ ᠥᠷᠢ ᠶᠢ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠦᠭᠡᠢ ᠪᠠᠶᠢᠵᠤ | ᠪᠣᠯᠤᠨ᠎ᠠ᠃ |