ᠰᠢᠬᠢᠷᠯᠢᠭ ᠢᠳᠡᠭᠡᠨ ᠠᠴᠠ ᠵᠠᠶᠢᠯᠠᠬᠤ ᠭᠡᠳᠦᠨ ᠴᠠᠭ
ᠨᠡᠶᠢᠲᠡᠯᠡᠭᠰᠡᠨ ᠴᠠᠭ᠄
2022/10/31
      ᠰᠢᠬᠢᠷᠯᠢᠭ ᠢᠳᠡᠭᠡᠨ ᠤᠯᠠᠩᠬᠢ ᠬᠦᠮᠦᠨ ᠤ ᠠᠮᠢᠳᠤᠷᠠᠯ ᠳᠤᠮᠳᠠ ᠴᠢᠬᠤᠯᠠ ᠪᠠᠶᠢᠷᠢ ᠲᠠᠢ᠂ ᠵᠠᠷᠢᠮᠠᠳ ᠨᠢ ᠴᠠᠭ ᠲᠠᠭᠠᠨ ᠠᠵᠢᠯ ᠠᠴᠠ ᠪᠠᠨ ᠪᠠᠭᠤᠵᠤ ᠲᠡᠶᠢᠯᠦᠭᠰᠡᠨ ᠦᠭᠡᠢ ᠠᠴᠠ ᠨᠢᠭᠡ ᠭᠡᠰᠡᠭ ᠴᠤᠺᠤᠯᠠᠳ᠋ ᠢᠶᠠᠷ ᠦᠯ ᠢᠶᠠᠨ ᠳᠠᠷᠤᠬᠤ ᠪᠤᠶᠤ ᠰᠢᠬᠢᠷᠯᠢᠭ ᠢᠳᠡᠭᠡᠨ ᠬᠤᠳᠠᠯᠳᠤᠵᠤ ᠠᠪᠴᠢᠷᠠᠳᠠᠭ᠃ ᠭᠡᠶ᠎ᠡ ᠳᠤᠤᠷᠠᠬᠢ ᠭᠡᠳᠦᠨ ᠴᠠᠭ ᠲᠤ ᠰᠢᠬᠢᠷᠯᠢᠭ ᠢᠳᠡᠭᠡᠨ ᠢ ᠦᠯᠦ ᠢᠳᠡᠪᠡᠯ ᠰᠠᠶᠢᠨ ᠪᠠᠶᠢᠳᠠᠭ᠃      ᠤᠨᠳᠠᠬᠤ ᠠᠴᠠ ᠡᠮᠦᠨ᠎ᠡ᠃ ᠤᠨᠳᠠᠬᠤ ᠠᠴᠠ ᠡᠮᠦᠨ᠎ᠡ ᠰᠢᠬᠢᠷᠯᠢᠭ ᠢᠳᠡᠭᠡᠨ ᠢᠳᠡᠪᠡᠯ ᠬᠤᠳᠤᠭᠤᠳᠤ ᠪᠠ ᠳᠠᠷᠢᠬᠢ ᠬᠦᠢᠴᠡᠳ ᠠᠮᠠᠷᠠᠬᠤ ᠶᠢ ᠨᠦᠯᠦᠭᠡᠯᠡᠨ᠂ ᠰᠢᠩᠭᠡᠭᠡᠯᠳᠡ ᠪᠠ ᠨᠦᠢᠷ ᠢ ᠬᠠᠷᠰᠢᠯᠠᠬᠤ ᠶᠢᠨ ᠬᠠᠮᠳᠤ ᠠᠮᠠᠷᠬᠠᠨ ᠮᠠᠷᠢᠶᠠᠯᠠᠭᠤᠯᠳᠠᠭ᠃      ᠬᠤᠭᠤᠯᠠᠨ ᠠᠴᠠ ᠡᠮᠦᠨ᠎ᠡ᠃ ᠦᠯᠦᠨ ᠢᠶᠠᠷ ᠰᠢᠬᠢᠷ ᠢᠳᠡᠪᠡᠯ ᠴᠢᠰᠤᠨ ᠤ ᠰᠢᠬᠢᠷ ᠢ ᠢᠯᠡᠳᠳᠡ ᠲᠡᠭᠡᠭᠰᠢᠯᠡᠬᠦᠯᠦᠨ᠂ ᠮᠠᠬᠠᠪᠤᠳ ᠡᠷᠡᠬᠦᠯ ᠴᠢᠬᠢᠷᠠᠭ ᠳᠤᠬᠢᠷᠠᠮᠵᠢᠳᠠᠢ ᠴᠢᠰᠤᠨ ᠰᠢᠬᠢᠷ ᠤᠨ ᠲᠦᠪᠰᠢᠨ ᠢ ᠪᠠᠳᠤᠯᠠᠬᠤ ᠶᠢᠨ ᠲᠦᠯᠦᠭᠡ ᠡᠷᠭᠡᠪᠰᠢ ᠶᠡᠭᠡ ᠭᠡᠮᠵᠢᠶᠡᠨ ᠤ ᠨᠦᠢᠷ ᠤᠨ ᠠᠷᠠᠯ ᠤᠨ ᠡᠳ᠋ ᠢ ᠱᠦᠬᠦᠷᠡᠬᠦᠯᠦᠨ ᠵᠤᠬᠢᠴᠠᠭᠤᠯᠳᠠᠭ᠃ ᠡᠶᠢᠮᠦᠷᠬᠦ ᠭᠡᠨᠡᠳᠳᠡ ᠶᠢᠨ ᠬᠤᠪᠢᠷᠠᠯᠳᠠ ᠨᠢ ᠮᠠᠬᠠᠪᠤᠳ ᠤᠨ ᠹᠢᠽᠢᠤᠯᠤᠬᠢ ᠶᠢᠨ ᠲᠡᠩᠴᠡᠬᠦᠷᠢ ᠳᠤ ᠠᠰᠢᠬ ᠦᠭᠡᠢ ᠪᠠᠶᠢᠵᠤ᠂ ᠤᠷᠳᠤ ᠬᠤᠭᠤᠴᠠᠭ᠎ᠠ ᠪᠤᠯᠪᠠᠯ ᠰᠢᠬᠢᠷ ᠤᠨ ᠰᠤᠯᠢᠬᠳᠠᠯ ᠰᠠᠮᠠᠭᠤᠷᠠᠨ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠳᠡᠭ᠃      ᠪᠤᠬᠢᠨᠢᠳᠤᠬᠤ ᠦᠶᠡᠰ᠃ ᠰᠢᠬᠢᠷᠯᠢᠭ ᠢᠳᠡᠭᠡᠨ ᠤᠷᠮ᠎ᠠ ᠰᠡᠳᠬᠢᠯᠭᠡ ᠶᠢ ᠰᠠᠶᠢᠵᠢᠷᠠᠭᠤᠯᠳᠠᠭ ᠭᠡᠵᠦ ᠭᠡᠯᠴᠡᠳᠡᠭ᠃ ᠭᠡᠶ᠎ᠡ ᠶᠡᠭᠡ ᠭᠡᠮᠵᠢᠶᠡᠨ ᠤ ᠰᠤᠳᠤᠯᠭᠠᠨ ᠳᠤ ᠬᠠᠷᠠᠭᠤᠯᠤᠭᠰᠠᠨ ᠢᠶᠠᠷ᠂ ᠰᠢᠬᠢᠷ ᠢ ᠲᠡᠩᠳᠡᠬᠦᠦ ᠠᠷᠪᠢᠨ ᠰᠢᠩᠭᠡᠭᠡᠪᠡᠯ ᠭᠠᠩᠰᠠᠷᠠᠬᠤ ᠲᠠᠢ ᠬᠤᠯᠪᠤᠭ᠎ᠠ ᠲᠠᠢ ᠪᠠᠶᠢᠵᠤ ᠮᠡᠳᠡᠨ᠎ᠡ᠃ ᠡᠶᠢᠮᠦ ᠠᠴᠠ ᠰᠢᠬᠢᠷᠯᠢᠭ ᠢᠳᠡᠭᠡᠨ ᠤᠷᠮ᠎ᠠ ᠰᠡᠳᠬᠢᠯᠭᠡ ᠶᠢ ᠤᠬᠤᠷ ᠬᠤᠭᠤᠴᠠᠭᠠᠨ ᠳᠤ ᠯᠠ ᠳᠤᠭᠳᠠᠪᠤᠷᠢᠵᠢᠭᠤᠯᠬᠤ ᠦᠢᠯᠡᠳᠦᠯ ᠲᠠᠢ ᠶᠤᠮ ᠪᠠᠶᠢᠨ᠎ᠠ᠃      ᠪᠤᠳᠤ ᠭᠠᠷᠤᠭᠰᠠᠨ ᠦᠶᠡᠰ᠃ ᠰᠢᠬᠢᠷ ᠤᠨ ᠲᠦᠷᠦᠯ ᠢ ᠰᠤᠯᠢᠬᠳᠠᠭᠤᠯᠬᠤ ᠦᠶᠡᠰ B ᠲᠦᠷᠦᠯ ᠤᠨ ᠸᠢᠲ᠋ᠠᠮᠢᠨ ᠢ ᠭᠡᠷᠡᠭᠰᠡᠳᠡᠭ᠃ ᠰᠢᠬᠢᠷ ᠤᠨ ᠲᠦᠷᠦᠯ ᠤᠨ ᠢᠳᠡᠭᠡᠨ ᠠᠷᠪᠢᠨ ᠰᠢᠩᠭᠡᠭᠡᠪᠡᠯ B ᠲᠦᠷᠦᠯ ᠤᠨ ᠸᠢᠲ᠋ᠠᠮᠢᠨ ᠢ ᠶᠡᠭᠡᠪᠡᠷ ᠬᠤᠷᠤᠭᠳᠠᠭᠤᠯᠵᠤ᠂ ᠠᠷᠠᠰᠤ ᠨᠢᠭᠤᠷ ᠲᠡᠭᠡᠷ᠎ᠡ ᠪᠤᠳᠤ ᠭᠠᠷᠬᠤ ᠶᠢ ᠬᠦᠨᠳᠦᠷᠡᠬᠦᠯᠬᠦ ᠰᠢᠯᠳᠠᠭᠠᠨ ᠤ ᠨᠢᠭᠡ ᠨᠢ ᠪᠤᠯᠳᠠᠭ᠃    
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ