ᠠᠵᠢᠯ ᠡᠷᠢᠵᠦ ᠪᠠᠶᠢᠭ᠎ᠠ ᠬᠥᠮᠥᠰ ᠠᠩᠬᠠᠷ︕
ᠨᠡᠶᠢᠲᠡᠯᠡᠭᠰᠡᠨ ᠴᠠᠭ᠄
2022/10/31
     ᠲᠥᠪ ᠤᠨ ᠠᠯᠪᠠᠨ ᠪᠠᠶᠢᠭᠤᠯᠭ᠎ᠠ ᠪᠤᠯᠤᠨ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ  ᠶᠢᠨ 2023 ᠣᠨ ᠤ ᠠᠯᠪᠠᠨ ᠬᠠᠭᠠᠭᠴᠢ ᠡᠯᠰᠡᠬᠦ ᠠᠵᠢᠯ ᠨᠢᠭᠡᠨᠲᠡ ᠡᠬᠢᠯᠡᠵᠦ᠂ ᠡᠨᠡ ᠤᠳᠠᠭ᠎ᠠ ᠨᠡᠶᠢᠲᠡ 3 ᠲᠦᠮᠡ 7000 ᠬᠥᠮᠥᠨ ᠡᠯᠰᠡᠬᠦ ᠶᠤᠮ ᠪᠠᠶᠢᠨ᠎ᠠ᠃                    ᠰᠢᠯᠭᠠᠭᠤᠯᠤᠬᠴᠢᠳ 10 ᠳ᠋ᠣᠭᠠᠷ ᠰᠠᠷ᠎ᠠ ᠶᠢᠨ 25 ᠤ ᠡᠳᠦᠷ ᠤᠨ 8 ᠴᠠᠭ ᠠᠴᠠ 11 ᠳ᠋ᠣᠭᠡᠷ ᠰᠠᠷ᠎ᠠ ᠶᠢᠨ 3 ᠤ ᠡᠳᠦᠷ ᠤᠨ 18 ᠪᠣᠯᠲᠠᠯ᠎ᠠ ︽  ᠲᠥᠪ ᠤᠨ ᠠᠯᠪᠠᠨ ᠪᠠᠶᠢᠭᠤᠯᠭ᠎ᠠ ᠪᠤᠯᠤᠨ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2023 ᠣᠨ ᠤ ᠠᠯᠪᠠᠨ ᠬᠠᠭᠠᠭᠴᠢ ᠡᠯᠰᠡᠬᠦ  ᠰᠦᠯᠵᠢᠶ᠎ᠠ ︾  ᠳᠡᠭᠡᠷ᠎ᠡ  ᠠᠴᠠ ᠪᠠᠶᠢᠳᠠᠯ ᠢ ᠣᠶᠢᠯᠠᠭᠠᠨ᠂ ᠨᠡᠷ᠎ᠡ ᠮᠡᠳᠡᠭᠦᠯᠵᠦ ᠪᠣᠯᠣᠨ᠎ᠠ᠃ ᠬᠠᠶ᠋ᠢᠭ ᠨᠢ᠄ http://bm.scs.gov.cn/kl2023᠃ ᠣᠯᠠᠨ ᠨᠡᠶᠢᠲᠡ ᠶᠢᠨ ᠳᠦᠷᠦᠯ ᠤᠨ ᠪᠢᠷ ‍ᠦᠨ‌‍ᠰᠢᠯᠭᠠᠯᠲᠠ ᠶᠢ 12 ᠳ᠋ᠣᠭᠠᠷ ᠰᠠᠷ᠎ᠠ ᠶᠢᠨ 4 ᠤ ᠡᠳᠦᠷ ᠪᠥᠬᠦ ᠤᠯᠤᠰ ᠤᠨ ᠡᠯ᠎ᠡ ᠰᠢᠭᠤᠳ ᠬᠠᠷᠢᠶ᠎ᠠ ᠬᠤᠲᠠ᠂ ᠮᠤᠵᠢ  ᠣᠷᠣᠨ ᠤ ᠲᠥᠪ ᠪᠤᠯᠤᠨ ᠵᠠᠷᠢᠮ ᠲᠣᠮᠣ ᠬᠤᠲᠠ ᠳᠤ ᠵᠡᠷᠭᠡᠪᠡᠷ ᠶᠠᠪᠤᠭᠳᠠᠭᠤᠯᠤᠨ᠎ᠠ᠃                    ᠲᠠᠨᠢᠯᠴᠠᠭᠤᠯᠤᠭᠰᠠᠨ ᠢᠶᠠᠷ᠂ ᠲᠣᠰ ᠣᠳᠠᠭ᠎ᠠ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠭᠠᠵᠠᠷ ᠣᠷᠣᠨ  ᠠᠴᠠ ᠢᠯᠡᠬᠦᠦ ᠡᠯᠰᠡᠵᠦ ᠬᠡᠷᠡᠭᠯᠡᠬᠦ ᠪᠠᠷ ᠪᠠᠶᠢᠭ᠎ᠠ ᠶᠤᠮ ᠪᠠᠶᠢᠨ᠎ᠠ᠃ 2 ᠲᠦᠮᠡ 5000 ᠳᠣᠰᠬᠠᠢ ᠠᠵᠢᠯ ᠤᠨ ᠪᠠᠶᠢᠷᠢ ᠳᠣᠬᠳᠠᠭᠠᠵᠦ᠂ ᠳᠣᠰᠬᠠᠶᠢᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠢ ᠡᠯᠰᠡᠬᠦ ᠶᠤᠮ ᠪᠠᠶᠢᠨ᠎ᠠ᠃  ᠦᠨᠳᠦᠰᠦᠨ ᠱᠠᠲᠤ  ᠶᠢ  ᠴᠢᠬᠤᠯᠠᠴᠢᠯᠠᠬᠤ ᠵᠢᠯᠣᠭᠤᠳᠤᠮᠵᠢ ᠶᠢ ᠪᠠᠷᠢᠮᠲᠠᠯᠠᠵᠤ᠂ 2 ᠲᠦᠮᠡ 8000 ᠰᠢᠬᠠᠮ ᠲᠥᠯᠥᠪᠯᠡᠭᠡ ᠶᠢ ᠬᠤᠰᠢᠭᠤ ᠰᠢᠶᠠᠨ ︵ᠲᠣᠭᠤᠷᠢᠭ︶ ᠤ ᠱᠠᠲᠤ ᠪᠤᠯᠤᠨ ᠲᠡᠭᠦᠨ ᠠᠴᠠ ᠳᠣᠷᠣᠭᠰᠢᠬᠢ ᠰᠢᠭᠤᠳ ᠬᠠᠷᠢᠶ᠎ᠠ ᠪᠠᠶᠢᠭᠤᠯᠤᠮᠵᠢ ᠳᠤ ᠣᠯᠭᠤᠵᠦ᠂ ᠬᠢᠯᠢ ᠬᠢᠵᠠᠭᠠᠷ ᠣᠷᠣᠨ ᠤ ᠦᠨᠳᠦᠰᠦᠨ ᠱᠠᠲᠤᠨ ᠤ ᠪᠠᠶᠢᠭᠤᠯᠭ᠎ᠠ ᠳᠤ ᠰᠤᠷᠤᠯᠭ᠎ᠠ ᠶᠢᠨ ᠨᠠᠮᠲᠠᠷ ᠤᠨ ᠪᠠᠷᠢᠮᠵᠢᠶ᠎ᠠ  ᠶᠢ ᠪᠠᠭᠤᠷᠠᠭᠤᠯᠬᠤ᠂  ᠲᠤᠰᠬᠠᠢ ᠮᠡᠷᠭᠡᠵᠢᠯ ᠤᠨ ᠨᠥᠬᠦᠴᠡᠯ ᠢ ᠥᠷᠭᠡᠳᠬᠡᠬᠦ᠂ ᠠᠵᠢᠯᠯᠠᠭᠰᠠᠨ ᠣᠨ ᠵᠢᠯ ᠪᠠ ᠥᠩᠭᠡᠷᠡᠯᠲᠡ ᠶᠢ ᠦᠯᠦ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠠᠯᠪᠠᠨ ᠬᠠᠭᠠᠭᠴᠢ ᠶᠢᠨ ᠡᠩᠨᠡᠭᠡ ᠶᠢ ᠴᠢᠨᠠᠭᠰᠢᠳᠠ ᠳᠡᠬᠦᠯᠳᠡᠷᠵᠢᠬᠦᠯᠬᠦ  ᠪᠠᠷ ᠪᠠᠶᠢᠨ᠎ᠠ᠃ ᠴᠢᠳᠠᠪᠤᠷᠢᠲᠠᠨ ᠤ ᠦᠨᠳᠦᠰᠦᠨ ᠱᠠᠳᠦ ᠪᠣᠯᠣᠨ ᠠᠵᠢᠯ ᠤᠨ ᠨᠢᠭᠡᠳᠦᠭᠡᠷ ᠹᠷᠣᠨᠲ ᠲᠤ ᠣᠴᠢᠬᠤ ᠶᠢ ᠵᠣᠷᠢᠭᠵᠢᠭᠤᠯᠤᠨ᠂ ᠲᠡᠳᠡᠨ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠢ ᠣᠷᠣᠯᠴᠠᠭᠤᠯᠬᠤ ᠶᠢᠨ ᠲᠥᠯᠥᠭᠡ᠂ ᠡᠨᠡ ᠣᠳᠠᠭᠠᠨ ᠤ ᠰᠢᠯᠭᠠᠯᠲᠠ ᠳᠤ ᠦᠨᠳᠦᠰᠦᠨ ᠱᠠᠲᠤᠨ ᠳᠤ ᠦᠢᠯᠡᠴᠢᠯᠡᠬᠦ  ᠠᠵᠢᠯᠲᠠᠨ ᠪᠠ ᠴᠡᠷᠢᠭ ᠠᠩᠭᠢ ᠳᠤ 5 ᠵᠢᠯ ᠠᠴᠠ ᠳᠡᠭᠡᠭᠰᠢ ᠠᠯᠪᠠ ᠬᠠᠭᠠᠭᠰᠠᠨ ᠶᠡᠭᠡ ᠳᠡᠭᠡᠳᠦ ᠰᠤᠷᠭᠠᠭᠤᠯᠢ ᠳᠡᠬᠦᠰᠦᠬᠡᠳ  ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠥᠯᠥᠪᠯᠡᠭᠡ ᠲᠠᠢ ᠪᠠᠷ ᠡᠯᠰᠡᠨ ᠬᠡᠷᠡᠭᠯᠡᠬᠦ ᠪᠠᠷ 3000 ᠭᠠᠷᠤᠢ ᠣᠷᠣᠨ ᠪᠠᠶᠢᠷᠢ ᠳᠣᠬᠢᠷᠠᠭᠤᠯᠤᠭᠠᠳ ᠪᠠᠶᠢᠬᠤ ᠶᠤᠮ ᠪᠠᠶᠢᠨ᠎ᠠ᠃               
ᠢᠷᠡᠯᠲᠡ᠄ ᠠᠷᠠᠳ ᠤᠨ ᠰᠦᠯᠵᠢᠶ᠎ᠡ