| | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠺᠧ ᠴᠢᠶᠠᠩ ᠫᠨᠣᠮ ᠪᠧᠩ ᠤᠨ ᠨᠠᠶᠢᠷᠠᠮᠳᠠᠯ ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ | ᠬᠡᠯᠡᠯᠴᠡᠭᠡ ᠬᠢᠬᠦ ᠠᠴᠠ ᠡᠮᠦᠨ᠎ᠡ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠤᠭᠲᠤᠯᠭ᠎ᠠ ᠶᠢᠨ ᠶᠣᠰᠣᠯᠠᠯ | ᠶᠠᠪᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | | ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ | ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ | ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠢᠲᠡᠭᠡᠯᠴᠡᠭᠡ ᠲᠠᠢ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ᠃ ᠲᠡᠷᠢᠭᠦᠯᠡᠭᠴᠢ ᠰᠢ ᠶᠢᠨ ᠫᠢᠩ | 2016 ᠣᠨ ᠳᠤ ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ᠂ 2020 ᠣᠨ ᠳᠤ ᠮᠦᠨᠢᠯᠢᠶᠧ ᠲᠠᠶᠢᠬᠡᠦ ᠳᠤ ︽ᠨᠥᠬᠦᠷᠯᠡᠯ ᠤᠨ ᠭᠠᠪᠢᠶᠠᠨ ᠲᠡᠮᠳᠡᠭ︾ | ᠣᠯᠭᠤᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ ᠠᠩᠬᠠᠳᠠᠭᠴᠢ ᠭᠠᠳᠠᠭᠠᠳᠤ | ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠰᠠᠭᠤᠭᠳᠠᠯ ᠦᠯᠡᠳᠡᠭᠡᠵᠡᠢ᠃ ᠬᠢᠵᠢᠭ ᠤᠨ ᠪᠠᠶᠢᠳᠠᠯ | ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ᠂ ᠪᠢ ᠠᠩᠬ᠎ᠠ ᠤᠳᠠᠭ᠎ᠠ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ | ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠣᠯᠤᠭᠰᠠᠨ ᠳᠤ ᠪᠠᠨ ᠮᠠᠰᠢ ᠪᠠᠶᠠᠷ ᠲᠠᠢ | ᠪᠠᠶᠢᠨ᠎ᠠ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ ᠪᠣᠯᠤᠭᠰᠠᠨ ᠳᠤ ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠶᠢᠨ | ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ ᠬᠢᠨ ᠤ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ | ᠦᠢᠯᠡᠳᠦᠯ ᠦᠵᠡᠭᠦᠯᠬᠦ ᠶᠢ ᠳᠡᠮᠵᠢᠵᠦ᠂ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ | ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ | ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠬᠢᠶᠠᠯ ᠪᠣᠯᠭᠠᠨ᠂ ︽ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ︾ ᠤ ᠰᠢᠷᠢᠰ ᠠᠵᠢᠯᠯᠠᠭ᠎ᠠ ᠶᠢ | ᠰᠠᠶᠢᠲᠤᠷ ᠡᠷᠬᠢᠯᠡᠨ᠎ᠡ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠢᠯᠡᠰᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ | ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ | ᠮᠢᠨ᠎ᠠ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠺᠠᠮᠪᠤᠵᠠ ᠶᠢ ᠲᠤᠰᠠᠯᠠᠬᠤ ᠵᠠᠮ᠂ ᠡᠮ ᠡᠮᠨᠡᠯᠭᠡ᠂ ᠤᠰᠤ ᠬᠠᠩᠭᠠᠬᠤ ᠵᠡᠷᠭᠡ ᠲᠦᠷᠦᠯ ᠵᠦᠢᠯ ᠢ ᠰᠠᠶᠢᠲᠤᠷ | ᠨᠠᠶᠢᠳᠠᠪᠤᠷᠢᠵᠢᠭᠤᠯᠵᠤ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠰᠢᠭᠤᠳ | ᠬᠦᠷᠬᠦ ᠡᠭᠡᠯᠵᠢ ᠶᠢᠨ ᠨᠢᠰᠬᠡᠯ ᠢ ᠨᠡᠮᠡᠭᠳᠡᠭᠦᠯᠵᠦ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠨ᠎ᠠ ᠭᠡᠵᠡᠢ᠃ | | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ᠂ ᠬᠥᠭᠵᠢᠭᠰᠡᠨ᠂ ᠴᠡᠴᠡᠭᠯᠡᠭᠰᠡᠨ ᠺᠠᠮᠪᠤᠵᠠ ᠨᠢ ᠭᠠᠵᠠᠷ ᠣᠷᠣᠨ ᠤ ᠲᠣᠭᠲᠠᠭᠤᠨ ᠪᠠ ᠬᠥᠭᠵᠢᠯᠲᠡ ᠶᠢ | ᠬᠠᠮᠠᠭᠠᠯᠠᠬᠤ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠺᠠᠮᠪᠤᠵᠠ ᠶᠢᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ | ᠬᠦᠴᠦᠨ ᠢᠶᠠᠷ ᠢᠶᠠᠨ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠭᠤᠣᠯᠯᠠᠬᠤ ᠪᠠᠶᠢᠷᠢ ᠰᠠᠭᠤᠷᠢ ᠶᠢ ᠡᠷᠡᠰ | ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ | ᠲᠥᠰᠥᠪ ᠢ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠣᠯᠠᠨ ᠤᠯᠤᠰ ᠤᠨ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ | ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃ | ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ ᠳᠣᠲᠣᠨᠣᠰᠤᠭ ᠬᠠᠷᠢᠴᠠᠭ᠎ᠠ ᠲᠠᠢ ᠨᠠᠶᠢᠵᠠ ᠶᠤᠮ᠂ ᠺᠠᠮᠪᠤᠵᠠ ᠳᠤᠮᠳᠠᠳᠤ ᠶᠢᠨ | ᠨᠥᠬᠦᠷᠯᠡᠯ ᠨᠢ ᠺᠠᠮᠪᠤᠵᠠ ᠶᠢᠨ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ ᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠮᠠᠰᠢ ᠶᠡᠭᠡ ᠬᠦᠰᠡᠯ | ᠡᠷᠡᠮᠡᠯᠵᠡᠯ ᠲᠠᠢ ᠪᠠᠶᠢᠨ᠎ᠠ᠃ ᠺᠠᠮᠪᠤᠵᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠺᠠᠮᠪᠤᠵᠠ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ | ᠬᠠᠮᠲᠤ ᠪᠠᠷ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ | ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠡᠨᠧᠷᠭᠢ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ | ᠢᠷᠭᠡᠨᠰᠢᠯ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠣᠯᠣᠨ ᠬᠠᠮᠲᠤᠷᠠᠯᠴᠠᠭ᠎ᠠ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ | ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ᠂ ᠳᠤᠷᠠᠲᠠᠶ᠎ᠠ | ᠳᠤᠮᠳᠠᠳᠤ ᠶᠢᠨ ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠭᠠᠵᠠᠷ ᠣᠷᠣᠨ ᠪᠣᠯᠣᠨ | ᠳᠡᠯᠡᠬᠡᠢ ᠵᠢᠨᠡᠩᠬᠡ ᠲᠠᠶᠢᠪᠤᠩ ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ ᠬᠠᠮᠠᠭᠠᠯᠠᠨ᠎ᠠ ᠭᠡᠵᠡᠢ᠃ | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠵᠠᠢ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠯᠢ ᠺᠧ ᠴᠢᠶᠠᠩ ᠶᠡᠷᠦᠩᠬᠡᠢ ᠰᠠᠶᠢᠳ ᠪᠣᠯᠣᠨ ᠡᠾᠦ᠋ᠨᠰᠧᠨ ᠲᠡᠷᠢᠭᠦᠨ ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ | ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ᠂ ᠬᠢᠲᠠᠳ ᠡᠮ ᠡᠮᠨᠡᠯᠭᠡ᠂ ᠪᠣᠭᠤᠮᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠤ ᠠᠷᠪᠠᠨ ᠬᠡᠳᠦᠨ ᠵᠦᠢᠯ ᠤᠨ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ | ᠲᠡᠷᠭᠡ ᠨᠡᠪᠲᠡᠷᠡᠬᠦ ᠵᠢᠴᠢ ᠢᠵᠢ ᠪᠦᠷᠢᠳᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ | ᠣᠷᠣᠯᠴᠠᠪᠠ᠃ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃ | ᠬᠡᠯᠡᠯᠴᠡᠭᠡ ᠬᠢᠬᠦ ᠠᠴᠠ ᠡᠮᠦᠨ᠎ᠡ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠯᠢ | ᠺᠧ ᠴᠢᠶᠠᠩ ᠶᠡᠷᠦᠩᠬᠡᠢ ᠰᠠᠶᠢᠳ ᠪᠣᠯᠣᠨ ᠡᠾᠦ᠋ᠨᠰᠧᠨ ᠲᠡᠷᠢᠭᠦᠨ ᠰᠠᠶᠢᠳ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠶᠢᠨ ᠬᠢᠨ | ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠯᠢ ᠺᠧ ᠴᠢᠶᠠᠩ ᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ | ᠠᠩᠭᠢ ᠶᠢ ᠰᠢᠯᠭᠠᠨ ᠦᠵᠡᠪᠡ᠃ | ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ ᠳᠤᠷᠠᠰᠬᠠᠯ ᠤᠨ ᠬᠥᠰᠢᠶ᠎ᠡ ᠪᠣᠯᠣᠨ ᠤᠯᠤᠰ ᠤᠨ ᠸᠠᠩ | ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃ | ᠰᠢᠶᠣᠣ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |